5 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠶᠡᠭᠡ ᠳᠡᠭᠡᠳᠦ ᠰᠤᠷᠭᠠᠭᠤᠯᠢ ᠳᠤ ᠰᠤᠷᠤᠬᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠪᠡᠯᠡᠳᠬᠡᠯ | ᠠᠵᠢᠯ ᠤᠨ ᠲᠣᠭᠤᠷᠢᠨ ᠳᠤ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ ᠳᠤ ᠪᠠᠶᠢᠴᠠᠭᠠᠨ ᠰᠤᠳᠤᠯᠪᠠ᠃ | ᠡᠨᠡ ᠵᠢᠯ ᠪᠣᠯ ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠭᠰᠠᠨ ᠠᠩᠬᠠᠨ ᠤ ᠰᠢᠯᠭᠠᠯᠲᠠ ᠶᠢᠨ ᠵᠢᠯ ᠪᠣᠯᠣᠨ᠎ᠠ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠤᠯᠤᠰ ᠤᠨ | ᠰᠤᠷᠭᠠᠨ ᠬᠥᠮᠦᠵᠢᠯ ᠤᠨ ᠰᠢᠯᠭᠠᠯᠲᠠ ᠶᠢᠨ ᠶᠠᠪᠤᠳᠠᠯ ᠤᠨ ᠵᠢᠯᠤᠭᠤᠳᠬᠤ ᠲᠥᠪ ᠲᠤ ᠬᠦᠷᠴᠦ᠂ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠤᠯᠤᠰ ᠤᠨ | ᠨᠢᠭᠡᠳᠦᠯᠲᠡᠢ ᠰᠢᠯᠭᠠᠯᠲᠠ ᠶᠢᠨ ᠡᠷᠡᠮᠡᠯᠵᠡᠯ ᠲᠠᠭᠯᠠᠬᠤ ᠲᠤᠰᠠᠯᠠᠬᠤ ᠰᠢᠰᠲ᠋ᠧᠮ ᠤᠨ ᠠᠵᠢᠯᠯᠠᠭᠠᠨ ᠤ ᠪᠠᠶᠢᠳᠠᠯ ᠢ ᠲᠤᠬᠠᠢ ᠶᠢᠨ ᠲᠠᠯᠠᠪᠠᠶ ᠳᠤ ᠣᠶᠢᠯᠠᠭᠠᠵᠤ᠂ ᠨᠢᠭᠤᠴᠠ ᠶᠢ | ᠬᠠᠮᠠᠭᠠᠯᠠᠬᠤ ᠠᠷᠭ᠎ᠠ ᠬᠡᠮᠵᠢᠶ᠎ᠡ᠂ ᠰᠢᠯᠭᠠᠯᠲᠠ ᠶᠢᠨ ᠶᠠᠪᠤᠳᠠᠯ ᠢ ᠵᠣᠬᠢᠶᠠᠨ ᠪᠠᠶᠢᠭᠤᠯᠬᠤ ᠪᠣᠯᠪᠠᠰᠤᠷᠠᠯ᠂ ᠰᠢᠯᠭᠠᠯᠲᠠ ᠶᠢᠨ ᠬᠠᠭᠤᠳᠠᠰᠤ ᠶᠢ ᠬᠠᠮᠢᠶᠠᠷᠴᠤ ᠲᠠᠷᠬᠠᠭᠠᠬᠤ᠂ | ᠰᠢᠯᠭᠠᠭᠤᠯᠤᠭᠴᠢ ᠶᠢᠨ ᠦᠢᠯᠡᠴᠢᠯᠡᠭᠡ ᠪᠠᠲᠤᠯᠠᠭ᠎ᠠ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠠᠵᠢᠯ ᠤᠨ ᠲᠣᠬᠢᠷᠠᠭᠤᠯᠤᠯᠲᠠ ᠶᠢ ᠨᠠᠷᠢᠨ ᠣᠶᠢᠯᠠᠭᠠᠵᠤ᠂ | ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤ ᠪᠠᠷ ᠠᠵᠢᠯ ᠤᠨ ᠳᠡᠰ ᠳᠠᠷᠠᠭᠠᠯᠠᠯ ᠢ ᠡᠮᠬᠢᠯᠡᠨ᠂ ᠠᠰᠠᠭᠤᠳᠠᠯ ᠤᠨ ᠳᠠᠯᠳᠠ ᠭᠡᠮ ᠢ ᠡᠷᠢᠵᠦ᠂ ᠠᠷᠭᠠᠴᠠᠭᠠᠬᠤ ᠠᠷᠭ᠎ᠠ | ᠬᠡᠮᠵᠢᠶ᠎ᠡ ᠶᠢ ᠨᠢᠭᠡᠳ ᠨᠢᠭᠡ ᠪᠠᠷ ᠬᠠᠷᠭᠤᠭᠤᠯᠵᠤ᠂ ᠦᠨᠡᠨ ᠪᠣᠳᠠᠲᠠᠢ ᠪᠠᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠳᠠᠭᠢᠨ ᠳᠠᠪᠲᠠᠨ ᠵᠠᠬᠢᠪᠠ᠃ | ᠸᠠᠩ ᠯᠢ ᠰᠢᠶᠠ᠂ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠲᠦᠭ ᠲᠦᠮᠡᠨ ᠠᠶᠢᠯ ᠡᠷᠦᠭᠡ ᠲᠠᠢ | ᠬᠤᠯᠪᠣᠭᠳᠠᠨ᠎ᠠ᠂ ᠡᠨᠡ ᠨᠢ ᠰᠢᠯᠭᠠᠭᠤᠯᠤᠭᠴᠢ ᠶᠢᠨ ᠨᠢᠭᠡ ᠤᠳᠠᠭ᠎ᠠ ᠶᠢᠨ ᠬᠥᠮᠥᠨ ᠤ ᠠᠮᠢᠳᠤᠷᠠᠯ ᠤᠨ ᠶᠡᠭᠡ ᠰᠢᠯᠭᠠᠯᠲᠠ ᠪᠤᠯᠬᠤ ᠪᠠᠷ ᠪᠠᠷᠠᠬᠤ ᠦᠭᠡᠢ ᠪᠠᠰᠠ ᠴᠤ | ᠪᠢᠳᠡᠨ ᠳᠤ ᠲᠠᠯᠪᠢᠭᠰᠠᠨ ᠨᠢᠭᠡ ᠤᠳᠠᠭ᠎ᠠ ᠶᠢᠨ ᠤᠯᠤᠰ ᠲᠦᠷᠦ ᠶᠢᠨ ᠶᠡᠭᠡ ᠰᠢᠯᠭᠠᠯᠲᠠ ᠪᠠ ᠰᠤᠷᠲᠠᠯ ᠤᠨ ᠶᠡᠭᠡ ᠰᠢᠯᠭᠠᠯᠲᠠ ᠪᠣᠯᠣᠨ᠎ᠠ᠂ ᠡᠷᠬᠡᠪᠰᠢ ᠡᠯ᠎ᠡ ᠵᠦᠢᠯ ᠤᠨ | ᠠᠵᠢᠯ ᠢ ᠲᠦᠢᠯ ᠤᠨ ᠨᠠᠷᠢᠨ ᠬᠢᠨᠠᠮᠠᠭᠠᠢ ᠰᠠᠶᠢᠲᠤᠷ ᠬᠢᠵᠦ᠂ ᠨᠠᠷᠢᠨ ᠵᠦᠢᠯᠡᠰ ᠢ ᠴᠢᠬᠤᠯᠠᠴᠢᠯᠠᠵᠤ᠂ ᠪᠣᠳᠠᠲᠠᠢ ᠪᠣᠯᠪᠠᠰᠤᠷᠠᠯ ᠢ ᠴᠢᠬᠤᠯᠠᠴᠢᠯᠠᠵᠤ᠂ ᠲᠠᠭᠢᠨ ᠳᠠᠪᠲᠠᠨ | ᠪᠣᠯᠪᠠᠰᠤᠷᠠᠬᠤ ᠶᠢ ᠴᠢᠬᠤᠯᠠᠴᠢᠯᠠᠵᠤ᠂ ᠠᠰᠠᠭᠤᠳᠠᠯ ᠢ ᠢᠯᠡᠷᠡᠭᠦᠯᠦᠨ ᠬᠥᠳᠡᠯᠦᠩᠭᠦᠢ ᠪᠠᠷ ᠰᠢᠢᠳᠪᠦᠷᠢᠯᠡᠬᠦ ᠶᠢ ᠴᠢᠬᠤᠯᠠᠴᠢᠯᠠᠬᠤ ᠬᠡᠷᠡᠭᠲᠡᠢ᠃ ᠠᠮᠤᠷ ᠲᠦᠪᠰᠢᠨ ᠢ | ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠰᠢᠯᠭᠠᠯᠲᠠ ᠳᠤ ᠬᠤᠯᠪᠣᠭᠳᠠᠬᠤ ᠪᠦᠭᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠢᠯᠭᠠᠯᠲᠠ ᠶᠢᠨ | ᠲᠠᠯᠠᠪᠠᠢ ᠶᠢᠨ ᠳᠣᠲᠣᠨ᠎ᠠ ᠭᠠᠳᠠᠨᠠᠬᠢ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠰᠦᠯᠵᠢᠶᠡᠨ ᠤ ᠠᠮᠤᠷ ᠲᠦᠪᠰᠢᠨ ᠪᠠ ᠨᠡᠶᠢᠭᠡᠮ ᠤᠨ ᠣᠷᠴᠢᠨ ᠤ | ᠠᠮᠤᠷ ᠲᠦᠪᠰᠢᠨ ᠢ ᠰᠠᠶᠢᠲᠤᠷ ᠠᠳᠬᠤᠵᠤ᠂ ᠥᠴᠥᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠰᠢᠯᠭᠠᠭᠤᠯᠤᠭᠰᠠᠳ ᠤᠨ ᠪᠣᠳᠠᠲᠠᠢ | ᠬᠡᠷᠡᠭᠴᠡᠭᠡ ᠠᠴᠠ ᠡᠭᠦᠰᠴᠦ᠂ ᠠᠮᠤᠷ ᠢ ᠬᠠᠮᠠᠭᠠᠯᠠᠬᠤ ᠬᠠᠮᠢᠶᠠᠷᠤᠯᠲᠠ᠂ ᠱᠤᠤᠭᠢᠶᠠᠨ ᠤ ᠵᠠᠰᠠᠯᠲᠠ᠂ ᠢᠳᠡᠭᠡᠨ ᠤ ᠠᠮᠤᠷ ᠲᠦᠪᠰᠢᠨ᠂ ᠡᠮᠴᠢᠯᠡᠭᠡᠨ ᠤ ᠠᠪᠤᠷᠠᠨ | ᠲᠤᠰᠠᠯᠠᠯᠲᠠ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ᠂ ᠨᠠᠩ ᠣᠯᠠᠨ ᠳᠥᠭᠦᠮ ᠳᠥᠲᠡ ᠠᠷᠭ᠎ᠠ ᠬᠡᠮᠵᠢᠶ᠎ᠡ ᠪᠠ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ | ᠬᠠᠩᠭᠠᠵᠤ᠂ ᠰᠠᠶᠢᠨ ᠰᠠᠶᠢᠬᠠᠨ ᠰᠢᠯᠭᠠᠯᠲᠠ ᠶᠢᠨ ᠣᠷᠴᠢᠨ ᠢ ᠪᠤᠶ ᠪᠤᠯᠭᠠᠬᠤ ᠬᠡᠷᠡᠭᠲᠡᠢ᠃ ᠵᠠᠮ ᠬᠠᠷᠢᠯᠴᠠᠭᠠᠨ ᠤ ᠬᠠᠮᠢᠶᠠᠷᠤᠯᠲᠠ᠂ ᠴᠠᠭᠢᠯᠭᠠᠨ ᠬᠦᠴᠦᠨ᠂ ᠴᠠᠭ | ᠠᠭᠤᠷ ᠵᠡᠷᠭᠡ ᠰᠠᠯᠠᠭ᠎ᠠ ᠮᠥᠴᠢᠷ ᠤᠨ ᠬᠢᠨ ᠬᠠᠮᠲᠤᠷᠠᠨ ᠬᠥᠳᠡᠯᠦᠯᠴᠡᠵᠦ ᠬᠠᠮᠵᠢᠯᠴᠠᠬᠤ ᠪᠠᠨ ᠴᠢᠩᠭᠠᠳᠬᠠᠨ᠂ ᠬᠢᠨᠠᠨ ᠬᠡᠮᠵᠢᠵᠦ ᠰᠡᠷᠡᠮᠵᠢᠯᠡᠭᠦᠯᠭᠦ ᠪᠠᠨ ᠴᠢᠩᠭᠠᠷᠠᠭᠤᠯᠵᠤ | ᠂ ᠭᠡᠨᠡᠳᠲᠡ ᠶᠢᠨ ᠪᠠᠶᠢᠳᠠᠯ ᠢ ᠠᠷᠭᠠᠴᠠᠭᠠᠬᠤ ᠠᠵᠢᠯ ᠤᠨ ᠪᠡᠯᠡᠳᠬᠡᠯ ᠲᠥᠰᠥᠯ ᠢᠶᠠᠨ ᠲᠡᠭᠦᠯᠳᠡᠷᠵᠢᠭᠦᠯᠦᠨ᠂ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ | ᠤᠯᠤᠰ ᠤᠨ ᠨᠢᠭᠡᠳᠦᠯᠲᠡᠢ ᠰᠢᠯᠭᠠᠯᠲᠠ ᠶᠢᠨ ᠠᠮᠤᠷ ᠲᠦᠪᠰᠢᠨ ᠲᠣᠭᠲᠠᠭᠤᠨ᠂ ᠤᠷᠤᠭᠰᠢᠲᠠᠢ ᠪᠥᠭᠡᠳ ᠲᠡᠭᠦᠰ ᠠᠮᠵᠢᠯᠲᠠ ᠣᠯᠬᠤ ᠶᠢ ᠪᠠᠲᠤᠯᠠᠬᠤ ᠬᠡᠷᠡᠭᠲᠡᠢ ᠭᠡᠪᠡ᠃ |