5 ᠰᠠᠷ᠎ᠠ ᠶᠢᠨ 20 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠾᠧ ᠸᠧᠶ ᠬᠤᠸᠠ ᠤᠷᠠᠳ ᠤᠨ ᠡᠮᠦᠨᠡᠲᠦ ᠬᠤᠰᠢᠭᠤᠨ ᠳᠤ ᠭᠦᠨᠵᠡᠭᠡᠶᠢᠷᠡᠨ᠂ | ᠤᠯᠠᠭᠠᠨᠰᠤᠬᠠᠢ ᠶᠢᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠵᠠᠰᠠᠯᠲᠠ᠂ ᠣᠲᠣ ᠦᠶ᠎ᠡ ᠶᠢᠨ ᠥᠨᠳᠥᠷ ᠪᠦᠲᠦᠮᠵᠢᠲᠡᠶ ᠲᠠᠷᠢᠶᠠᠯᠠᠩ ᠤᠨ ᠬᠥᠭᠵᠢᠯᠲᠡ ᠳᠤ | ᠪᠠᠶᠢᠴᠠᠭᠠᠨ ᠰᠤᠳᠤᠯᠤᠯᠲᠠ ᠬᠢᠪᠠ᠃ | ᠰᠢᠨ ᠠᠨ ᠪᠠᠯᠭᠠᠰᠤᠨ ᠤ ᠴᠢᠩ ᠬᠤᠸᠠ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠠᠭᠤᠰᠤᠯᠴᠠᠯ ᠤᠨ ᠵᠢᠱᠢᠶ᠎ᠡ ᠦᠵᠡᠭᠦᠯᠬᠦ ᠬᠦᠷᠢᠶᠡᠯᠡᠩ | ᠲᠣᠭᠤᠷᠢᠭ ᠲᠤ᠂ ᠾᠧ ᠸᠧᠢ ᠬᠤᠸᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠮᠦ ᠪᠦᠷᠢ ᠳᠤ | ᠳᠤᠮᠳᠠᠴᠢ ᠪᠠᠷ ᠣᠷᠣᠭᠤᠯᠤᠭᠰᠠᠨ᠂ ᠲᠥᠬᠦᠭᠡᠷᠦᠮᠵᠢ ᠶᠢ ᠢᠵᠢ ᠪᠦᠷᠢᠳᠦᠭᠦᠯᠦᠭᠰᠡᠨ᠂ ᠭᠠᠷᠤᠯᠲᠠ ᠶᠢᠨ ᠦᠷ᠎ᠡ ᠠᠰᠢᠭ᠂ ᠤᠯᠠᠨ ᠲᠦᠮᠡᠨ ᠤ ᠣᠷᠣᠯᠴᠠᠭᠰᠠᠨ ᠵᠡᠷᠭᠡ | ᠪᠠᠶᠢᠳᠠᠯ ᠢ ᠨᠠᠷᠢᠨ ᠯᠠᠪᠯᠠᠨ ᠠᠰᠠᠭᠤᠪᠠ᠃ ᠲᠡᠷᠡ᠂ ᠢᠨᠵᠧᠨᠧᠷᠢᠩ ᠤᠨ ᠵᠢᠷᠤᠭ ᠲᠥᠯᠥᠪᠯᠡᠭᠡ ᠶᠢᠨ ᠲᠥᠰᠦᠯ ᠢ ᠴᠢᠩᠭ᠎ᠠ ᠵᠢᠷᠤᠮᠯᠠᠨ ᠰᠤᠪᠠᠭ ᠤᠢ ᠰᠢᠭᠤᠢ ᠲᠠᠷᠢᠶᠠᠨ | ᠭᠠᠵᠠᠷ ᠤᠨ ᠪᠠᠷᠢᠯᠭ᠎ᠠ ᠶᠢᠨ ᠠᠵᠢᠯ ᠢ ᠢᠵᠢ ᠪᠦᠷᠢᠳᠦᠭᠦᠯᠬᠦ ᠶᠢ ᠰᠠᠶᠢᠲᠤᠷ ᠠᠳᠬᠤᠵᠤ᠂ ᠴᠢᠨᠠᠷ ᠰᠠᠶᠢᠲᠠᠢ ᠠᠬᠢᠭᠤᠯᠵᠤ᠂ ᠪᠦᠬᠦ ᠶᠠᠪᠤᠴᠠ ᠶᠢ ᠬᠢᠨᠠᠨ ᠬᠠᠮᠢᠶᠠᠷᠴᠤ᠂ | ᠪᠡᠯᠡ ᠮᠥᠩᠭᠦ ᠨᠢᠭᠡᠪᠦᠷᠢ ᠶᠢ ᠨᠠᠷᠢᠨ ᠨᠢᠮᠪᠠᠢ ᠪᠤᠳᠤᠵᠤ ᠰᠠᠶᠢᠲᠤᠷ ᠬᠡᠷᠡᠭᠯᠡᠵᠦ᠂ ᠤᠯᠠᠨ ᠲᠦᠮᠡᠨ ᠢ ᠢᠳᠡᠪᠬᠢᠲᠡᠢ ᠪᠠᠷ ᠬᠦᠳᠦᠯᠦᠨ ᠵᠢᠯᠣᠭᠤᠳᠴᠤ ᠪᠠᠶᠢᠭᠠᠳ ᠬᠦᠴᠦ | ᠬᠥᠳᠡᠯᠮᠦᠷᠢ ᠣᠷᠣᠭᠤᠯᠵᠤ᠂ ᠡᠵᠡᠩᠨᠡᠨ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠤᠯᠤᠰ ᠤᠨ ᠴᠢᠬᠤᠯᠠ ᠶᠡᠭᠡ ᠲᠦᠷᠦᠯ | ᠵᠦᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠵᠤ᠂ ᠠᠷᠠᠳ ᠤᠯᠠᠨ ᠳᠤ ᠪᠣᠳᠠᠲᠠᠢ ᠠᠰᠢᠭ ᠬᠦᠷᠲᠡᠭᠡᠬᠦ ᠶᠢ ᠪᠠᠲᠤᠯᠠᠬᠤ ᠬᠡᠷᠡᠭᠲᠡᠢ ᠭᠡᠵᠦ | ᠬᠡᠯᠡᠪᠡ᠃ ᠲᠡᠷᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠪᠠᠯᠠ ᠮᠥᠩᠭᠦ ᠤᠯᠬᠤ ᠡᠷᠴᠢᠮ ᠢᠶᠠᠨ ᠴᠢᠩᠭᠠᠷᠠᠭᠤᠯᠵᠤ᠂ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠤᠰᠤᠯᠠᠯᠲᠠ ᠶᠢᠨ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ | ᠲᠤᠷᠰᠢᠯᠲᠠ ᠶᠢᠨ ᠴᠡᠭ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠠᠬᠢᠭᠤᠯᠬᠤ ᠶᠢᠨ ᠬᠠᠮᠲᠤ ᠲᠤᠬᠠᠶ ᠶᠢᠨ ᠭᠠᠵᠠᠷ ᠲᠤ ᠶᠠᠮᠠᠷ ᠪᠥᠲᠥᠭᠡᠨ ᠪᠠᠶᠢᠭᠤᠯᠤᠯᠲᠠ ᠬᠢᠭᠰᠡᠨ ᠴᠦ | ᠴᠥᠮ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠪᠣᠯᠬᠤ ᠥᠬᠡᠶ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠡᠷᠡᠰ ᠪᠠᠲᠤ ᠰᠠᠬᠢᠬᠤ | ᠬᠡᠷᠡᠭᠲᠡᠶ ᠭᠡᠵᠦ ᠰᠠᠨᠠᠭᠤᠯᠪᠠ᠃ | ᠤᠯᠠᠭᠠᠨᠰᠤᠬᠠᠢ ᠨᠠᠭᠤᠷ ᠲᠤ᠂ ᠡᡁᠧ ᠸᠧᠢ ᠬᠤᠸᠠ ᠨᠠᠭᠤᠷ ᠲᠣᠭᠤᠷᠢᠭ ᠤᠨ ᠵᠠᠰᠠᠯᠲᠠ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠭᠰᠠᠨ | ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠢᠮᠠᠭᠲᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ | ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠰᠢᠨᠵᠢᠯᠡᠬᠦ ᠤᠬᠠᠭᠠᠨᠴᠢ ᠪᠠᠷ ᠤᠨᠢᠨ ᠳᠡᠭᠡᠷ᠎ᠡ ᠨᠢ ᠬᠠᠤᠯᠢ | ᠶᠣᠰᠣᠭᠠᠷ ᠬᠢᠬᠦ ᠶᠢ ᠪᠠᠷᠢᠮᠲᠠᠯᠠᠵᠤ᠂ ᠴᠡᠭ ᠡᠬᠢ ᠰᠤᠷᠪᠤᠯᠵᠢ ᠶᠢᠨ ᠤᠯᠠᠨ ᠡᠬᠢᠲᠦ ᠳᠣᠲᠣᠭᠠᠳᠤ ᠡᠬᠢ ᠰᠤᠷᠪᠤᠯᠵᠢ ᠶᠢ ᠨᠢᠭᠡᠳᠦᠯᠲᠡᠢ ᠲᠥᠯᠥᠪᠵᠢᠭᠦᠯᠦᠨ ᠵᠠᠰᠠᠵᠤ᠂ | ᠨᠠᠭᠤᠷ ᠪᠦᠷᠢᠳᠦ ᠳᠡᠭᠡᠷᠡᠬᠢ ᠰᠠᠪᠠ ᠭᠠᠵᠠᠷ ᠢ ᠨᠢᠭᠡᠳᠦᠯᠲᠡᠢ ᠲᠥᠯᠥᠪᠵᠢᠭᠦᠯᠦᠨ ᠵᠠᠰᠠᠵᠤ᠂ ᠦᠢᠯᠡᠳᠪᠦᠷᠢᠯᠡᠯ ᠠᠮᠢᠳᠤᠷᠠᠯ ᠤᠨ ᠠᠮᠢ ᠠᠬᠤᠢ ᠶᠢ ᠵᠡᠷᠭᠡᠪᠡᠷ ᠠᠳᠬᠤᠵᠤ᠂ | ᠨᠠᠭᠤᠷ ᠤᠨ ᠣᠷᠣᠨ ᠤ ᠤᠰᠤᠨ ᠤ ᠴᠢᠨᠠᠷ ᠪᠣᠯᠤᠨ ᠡᠷᠬᠢᠨ ᠲᠣᠭᠤᠷᠢᠨ ᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠤᠢᠢᠷ᠎ᠠ ᠶᠢᠨ ᠵᠢᠯ ᠤᠳ ᠲᠤ | ᠵᠠᠰᠠᠵᠤ ᠬᠠᠮᠠᠭᠠᠯᠠᠬᠤ ᠦᠷ᠎ᠡ ᠪᠦᠲᠦᠮᠵᠢ ᠲᠤᠷᠰᠢᠯᠭ᠎ᠠ ᠶᠢ ᠰᠠᠶᠢᠲᠤᠷ ᠶᠠᠷᠢᠵᠤ᠂ ᠡᠨᠡᠬᠦ ︽ᠪᠣᠭᠤᠮᠲᠠ ᠶᠢᠨ ᠭᠠᠳᠠᠨᠠᠬᠢ ᠭᠡᠷᠡᠯᠲᠦ ᠰᠤᠪᠤᠳ︾ ᠢ ᠨᠠᠷᠢᠨ ᠨᠢᠮᠪᠠᠢ ᠰᠠᠬᠢᠨ | ᠬᠠᠮᠠᠭᠠᠯᠠᠬᠤ ᠬᠡᠷᠡᠭᠲᠡᠢ ᠭᠡᠵᠦ ᠬᠡᠯᠡᠪᠡ᠃ | ᠤᠯᠠᠭᠠᠨᠰᠤᠬᠠᠢ ᠶᠢᠨ ᠠᠨ ᠠᠨ ᠣᠳᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠲᠤ᠂ ᠾᠧ ᠸᠧᠢ ᠬᠤᠸᠠ ᠬᠦᠷᠢᠶᠡᠯᠡᠩ | ᠲᠣᠭᠤᠷᠢᠭ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ᠂ ᠡᠭᠦᠯᠳᠡᠷ ᠢ ᠰᠣᠩᠭᠤᠨ ᠪᠤᠶᠢᠵᠢᠭᠤᠯᠬᠤ᠂ ᠮᠡᠷᠭᠡᠵᠢᠯ ᠢ ᠳᠡᠯᠭᠡᠷᠡᠭᠦᠯᠬᠦ ᠵᠡᠷᠭᠡ ᠪᠠᠶᠢᠳᠠᠯ ᠢ ᠨᠠᠷᠢᠨ ᠣᠶᠢᠯᠠᠭᠠᠪᠠ | ᠃ ᠲᠡᠷᠡ᠂ ᠬᠦᠷᠢᠶᠡᠯᠡᠩ ᠲᠣᠭᠤᠷᠢᠭ ᠤᠨ ᠬᠢᠨ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠥᠪᠡᠷ ᠤᠨ | ᠦᠷᠳᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠬᠠᠷᠠᠯᠲᠠ ᠶᠢ ᠴᠢᠩᠭ᠎ᠠ ᠠᠩᠬᠠᠷᠴᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠷ᠎ᠡ | ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠨᠡᠩ ᠤᠯᠠᠨ ᠬᠠᠭᠤᠯᠪᠤᠷᠢᠯᠠᠵᠤ ᠪᠣᠯᠬᠤ ᠳᠡᠯᠭᠡᠷᠡᠭᠦᠯᠵᠦ ᠪᠣᠯᠬᠤ᠂ ᠠᠷᠠᠳ ᠤᠯᠠᠨ ᠤ ᠣᠶᠢᠯᠠᠭᠠᠬᠤ ᠳᠤ ᠠᠮᠠᠷᠬᠠᠨ | ᠲᠤᠷᠰᠢᠯᠭ᠎ᠠ ᠠᠷᠭ᠎ᠠ ᠬᠢᠳᠡᠯ ᠢ ᠭᠠᠷᠭᠠᠵᠤ᠂ ᠴᠡᠭ ᠢᠶᠠᠷ ᠨᠡᠶᠢᠳᠡᠮ ᠢ ᠳᠠᠶᠢᠴᠢᠯᠠᠵᠤ᠂ ᠴᠡᠭ ᠢᠶᠠᠷ ᠬᠡᠰᠡᠭ ᠪᠣᠯᠭᠠᠵᠤ᠂ ᠪᠦᠬᠦ ᠬᠤᠳᠠ ᠵᠢᠴᠢ ᠡᠷᠬᠢᠨ ᠲᠣᠭᠤᠷᠢᠨ ᠤ | ᠭᠠᠵᠠᠷ ᠣᠷᠣᠨ ᠤ ᠤᠳᠤ ᠦᠶ᠎ᠡ ᠶᠢᠨ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠨᠥᠯᠥᠭᠡᠯᠡᠨ ᠳᠠᠶᠢᠴᠢᠯᠠᠬᠤ ᠬᠡᠷᠡᠭᠲᠡᠢ ᠭᠡᠵᠦ ᠬᠡᠯᠡᠪᠡ᠃ | ᠬᠤᠳᠠ ᠶᠢᠨ ᠤᠳᠤᠷᠢᠳᠤᠯᠭ᠎ᠠ ᠶᠢᠨ ᠵᠤᠤ ᠫᠢᠩ᠂ ᠰᠤᠶᠤᠯᠳᠤ ᠤᠷᠤᠯᠴᠠᠪᠠ᠃ | |