ᠮᠠᠨ ᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠤᠯᠠᠮ | ᠨᠢᠭᠡ ᠠᠯᠬᠤᠮ ᠵᠢᠷᠤᠮᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ | ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠢᠨᠠᠨ ᠬᠡᠮᠵᠢᠵᠦ ᠦᠨᠡᠯᠡᠬᠦ ᠳᠦᠷᠢᠮ ᠢ ᠲᠡᠭᠦᠯᠳᠡᠷᠵᠢᠭᠦᠯᠵᠦ᠂ ᠠᠵᠤ | ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠣᠨᠣᠪᠴᠢᠲᠠᠢ ᠦᠨᠡᠯᠡᠬᠦ ᠶᠢᠨ ᠲᠤᠰᠠᠳᠠ᠂ 3 ᠰᠠᠷ᠎ᠠ ᠶᠢᠨ 12 ᠤᠨ ᠡᠳᠦᠷ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ︽︿ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ | ᠪᠠᠶᠢᠭᠤᠯᠤᠯᠲᠠ ᠶᠢᠨ ᠵᠢᠯᠤᠭᠤᠳᠬᠤ ᠰᠠᠨᠠᠯ﹀ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ | ᠠᠵᠤ ᠦᠢᠯᠡᠰ ᠤᠨ ᠬᠦᠷᠢᠶᠡᠯᠡᠩ ᠤᠨ ᠬᠢᠨᠠᠨ ᠬᠡᠮᠵᠢᠵᠦ ᠦᠨᠡᠯᠡᠬᠦ ᠠᠷᠭ᠎ᠠ﹀ ᠳᠤ ᠵᠠᠰᠠᠪᠤᠷᠢ ᠣᠷᠣᠭᠤᠯᠵᠤ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠢ | ᠳᠠᠷᠤᠮᠠᠯᠯᠠᠨ ᠲᠠᠷᠬᠠᠭᠠᠪᠠ᠃ ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰ ᠤᠨ ᠬᠦᠷᠢᠶᠡᠯᠡᠩ ᠤᠨ ᠬᠢᠨᠠᠨ ᠬᠡᠮᠵᠢᠵᠦ ᠦᠨᠡᠯᠡᠬᠦ ᠠᠷᠭ᠎ᠠ︾ ︵ᠳᠣᠷᠣᠭᠰᠢ ᠬᠢᠨᠠᠨ ᠬᠡᠮᠵᠢᠵᠦ ᠦᠨᠡᠯᠡᠬᠦ ᠠᠷᠭ᠎ᠠ ᠭᠡᠵᠦ ᠲᠣᠪᠴᠢᠯᠠᠨ᠎ᠠ︶ ᠶᠢᠨ ᠬᠠᠮᠢᠶ᠎ᠠ ᠪᠦᠬᠦᠢ | ᠠᠭᠤᠯᠭ᠎ᠠ ᠶᠢ ᠳᠣᠣᠷᠠᠬᠢ ᠮᠡᠲᠦ ᠲᠠᠶᠢᠯᠪᠤᠷᠢᠯᠠᠶ᠎ᠠ᠄ | ᠨᠢᠭᠡ᠂ ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ | 2022 ᠣᠨ ᠳᠤ᠂ ᠮᠠᠨ ᠤ ᠲᠢᠩᠬᠢᠮ ︽ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠬᠢᠨᠠᠨ ᠬᠡᠮᠵᠢᠵᠦ ᠦᠨᠡᠯᠡᠬᠦ | ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠤᠭᠰᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠬᠢᠨᠠᠨ ᠬᠡᠮᠵᠢᠵᠦ ᠦᠨᠡᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾ | ᠶᠢ ᠲᠤᠭᠤᠷᠪᠢᠨ ᠳᠠᠷᠤᠮᠠᠯᠯᠠᠨ ᠲᠠᠷᠬᠠᠭᠠᠵᠤ᠂ ᠮᠠᠨ ᠤ ᠣᠷᠣᠨ ᠤ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ | ᠬᠠᠮᠢᠶᠠᠷᠤᠯᠲᠠ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠪᠡ᠃ ᠣᠶᠢᠷ᠎ᠠ ᠶᠢᠨ ᠵᠢᠯ ᠤᠳ ᠲᠤ᠂ ᠤᠯᠤᠰ ᠤᠨ ᠤᠳᠤ ᠦᠶ᠎ᠡ ᠶᠢᠨ ᠲᠠᠷᠢᠶᠠᠯᠠᠩ ᠤᠨ ᠠᠵᠤ | ᠦᠢᠯᠡᠰ ᠤᠨ ᠬᠦᠷᠢᠶᠡᠯᠡᠩ ᠤᠨ ᠭᠤᠶᠤᠴᠢᠯᠠᠨ ᠮᠡᠳᠡᠭᠦᠯᠦᠯᠳᠡ ᠶᠢᠨ ᠭᠤᠣᠯᠳᠠᠯᠭ᠎ᠠ ᠲᠠᠢ ᠭᠦᠢᠴᠡᠳᠬᠡᠯ ᠲᠤᠭ᠎ᠠ ᠶᠢᠨ ᠲᠤᠬᠢᠷᠠᠭᠤᠯᠤᠯᠳᠠ ᠶᠢ ᠦᠨᠳᠦᠰᠦᠯᠡᠨ᠂ ᠮᠠᠨ ᠤ | ᠣᠷᠣᠨ ᠤ ᠠᠵᠤ ᠦᠢᠯᠡᠰ ᠤᠨ ᠬᠦᠷᠢᠶᠡᠯᠡᠩ ᠤᠨ ᠬᠢᠨᠠᠨ ᠬᠡᠮᠵᠢᠬᠦ ᠭᠦᠢᠴᠡᠳᠬᠡᠯ ᠲᠤᠭ᠎ᠠ ᠶᠢᠨ ᠲᠤᠭ᠎ᠠ ᠪᠠᠷᠢᠮᠲᠠ ᠶᠢᠨ ᠪᠣᠳᠠᠲᠠᠢ ᠬᠡᠷᠡᠭᠴᠡᠭᠡ ᠱᠠᠭᠠᠷᠳᠠᠯᠭ᠎ᠠ ᠲᠠᠢ | ᠤᠶᠠᠯᠳᠤᠭᠤᠯᠵᠦ᠂ ︽ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠵᠢᠯᠤᠭᠤᠳᠬᠤ ᠰᠠᠨᠠᠯ︾ ᠳᠤ ᠵᠠᠰᠠᠪᠤᠷᠢ ᠣᠷᠣᠭᠤᠯᠬᠤ ᠶᠢᠨ ᠬᠠᠮᠲᠤ᠂ | ᠪᠠᠰᠠ ᠤᠤᠯ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ | ᠬᠦᠷᠢᠶᠡᠯᠡᠩ ᠤᠨ ᠬᠢᠨᠠᠨ ᠬᠡᠮᠵᠢᠵᠦ ᠦᠨᠡᠯᠡᠬᠦ ᠠᠷᠭ᠎ᠠ︾ ᠳᠠᠬᠢ ᠬᠢᠨᠠᠨ ᠬᠡᠮᠵᠢᠬᠦ ᠭᠦᠢᠴᠡᠳᠬᠡᠯ ᠲᠤᠭ᠎ᠠ ᠶᠢ ᠰᠢᠯᠢᠳᠡᠭᠵᠢᠭᠦᠯᠦᠨ ᠴᠣᠮᠬᠠᠳᠬᠠᠵᠤ᠂ 75 ᠵᠦᠢᠯ | ᠪᠠᠶᠢᠭᠰᠠᠨ ᠠᠴᠠ ᠴᠤᠮᠬᠠᠳᠬᠠᠭᠠᠳ 49 ᠵᠦᠢᠯ ᠪᠤᠯᠭᠠᠵᠤ᠂ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠠᠵᠢᠯ ᠤᠨ ᠳᠠᠷᠤᠭᠠᠰᠤ ᠶᠢ ᠬᠠᠮᠤᠭ ᠤᠨ ᠶᠡᠭᠡ | ᠬᠡᠮᠵᠢᠶ᠎ᠡ ᠪᠠᠷ ᠬᠦᠩᠭᠡᠷᠡᠭᠦᠯᠪᠡ᠃ ᠡᠭᠦᠨ ᠤ ᠲᠤᠯᠠᠳᠠ᠂ ᠮᠠᠨ ᠤ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ | ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠬᠢᠨᠠᠨ ᠬᠡᠮᠵᠢᠵᠦ ᠦᠨᠡᠯᠡᠬᠦ ᠠᠷᠭ᠎ᠠ︾ ᠳᠤ ᠲᠠᠬᠢᠨᠳᠠ ᠵᠠᠰᠠᠪᠤᠷᠢ ᠣᠷᠣᠭᠤᠯᠤᠨ | ᠲᠡᠭᠦᠯᠳᠡᠷᠵᠢᠭᠦᠯᠪᠡ᠃ | ᠬᠤᠶᠠᠷ᠂ ᠭᠤᠣᠯ ᠪᠣᠷᠣ ᠲᠥᠯᠥᠪ | ︽ᠬᠢᠨᠠᠨ ᠬᠡᠮᠵᠢᠵᠦ ᠦᠨᠡᠯᠡᠬᠦ ᠠᠷᠭ᠎ᠠ︾ ᠳᠤ ᠶᠡᠷᠦᠩᠬᠡᠢ ᠳᠦᠷᠢᠮ᠂ ᠬᠢᠨᠠᠨ ᠬᠡᠮᠵᠢᠵᠦ ᠦᠨᠡᠯᠡᠬᠦ ᠭᠦᠢᠴᠡᠳᠬᠡᠯ ᠲᠤᠭ᠎ᠠ᠂ ᠬᠥᠳᠡᠯᠦᠩᠭᠦᠢ ᠬᠠᠮᠢᠶᠠᠷᠤᠯᠲᠠ᠂ | ᠬᠢᠨᠠᠨ ᠰᠢᠯᠭᠠᠵᠤ ᠮᠠᠭᠠᠳᠯᠠᠨ ᠲᠣᠭᠲᠠᠭᠠᠬᠤ ᠵᠢᠷᠤᠮ ᠪᠠ ᠳᠠᠭᠠᠯᠳ᠋ᠨ ᠳᠦᠷᠢᠮ ᠵᠡᠷᠭᠡ 5 ᠬᠡᠰᠡᠭ ᠠᠭᠤᠯᠭ᠎ᠠ ᠪᠠᠭᠲᠠᠨ᠎ᠠ᠃ | ᠭᠤᠷᠪᠠ᠂ ᠭᠤᠣᠯ ᠠᠭᠤᠯᠭ᠎ᠠ | ᠨᠢᠭᠡᠳᠦᠭᠡᠷ ᠬᠡᠰᠡᠭ᠄ ᠶᠡᠷᠦᠩᠬᠡᠢ ᠳᠦᠷᠢᠮ᠃ ︽ᠬᠢᠨᠠᠨ ᠬᠡᠮᠵᠢᠵᠦ ᠦᠨᠡᠯᠡᠬᠦ ᠠᠷᠭ᠎ᠠ︾ ᠶᠢ ᠨᠡᠶᠢᠲᠡᠯᠡᠭᠰᠡᠨ ᠵᠣᠷᠢᠯᠭ᠎ᠠ᠂ ᠦᠨᠳᠦᠰᠦᠯᠡᠯ ᠵᠢᠴᠢ ᠥᠪᠡᠷᠲᠡᠭᠡᠨ | ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠴᠢᠭᠯᠡᠯ ᠪᠠ | ᠦᠨᠳᠦᠰᠦᠨ ᠱᠠᠭᠠᠷᠳᠠᠯᠭ᠎ᠠ ᠶᠢ ᠲᠣᠳᠣᠷᠬᠠᠶᠢᠯᠠᠨ ᠲᠠᠶᠢᠯᠪᠤᠷᠢᠯᠠᠪᠠ᠃ | ᠬᠤᠶᠠᠳᠤᠭᠠᠷ ᠬᠡᠰᠡᠭ᠄ ᠬᠢᠨᠠᠨ ᠬᠡᠮᠵᠢᠵᠦ ᠦᠨᠡᠯᠡᠬᠦ ᠭᠦᠢᠴᠡᠳᠬᠡᠯ ᠲᠤᠭ᠎ᠠ᠃ ᠠᠵᠤ ᠦᠢᠯᠡᠰ ᠤᠨ ᠬᠦᠷᠢᠶᠡᠯᠡᠩ ᠤᠨ ᠬᠢᠨᠠᠨ ᠬᠡᠮᠵᠢᠯᠲᠡ ᠳᠤ ᠦᠨᠳᠦᠰᠦᠨ | ᠪᠠᠶᠢᠳᠠᠯ᠂ ᠠᠵᠤ ᠦᠢᠯᠡᠰ ᠤᠨ ᠬᠥᠭᠵᠢᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ᠂ ᠪᠣᠬᠢᠷᠲᠤᠯ ᠦᠭᠡᠢ ᠬᠥᠭᠵᠢᠯᠲᠡ᠂ ᠵᠢᠵᠢᠭ | ᠲᠠᠷᠢᠶᠠᠴᠢᠨ ᠡᠷᠦᠬᠡ ᠬᠢᠭᠡᠳ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠳᠡ ᠶᠢᠨ ᠭᠤᠤᠯ ᠴᠤᠬᠴᠠ ᠶᠢᠨ ᠬᠤᠯᠪᠤᠭᠠᠯᠠᠯ ᠢ ᠳᠠᠶᠢᠴᠢᠯᠠᠬᠤ᠂ ᠲᠥᠷᠥ ᠶᠢᠨ | ᠪᠣᠳᠣᠯᠭ᠎ᠠ ᠶᠢᠨ ᠳᠡᠮᠵᠢᠯᠭᠡ ᠵᠡᠷᠭᠡ 6 ᠲᠠᠯ᠎ᠠ ᠶᠢ ᠪᠠᠭᠲᠠᠭᠠᠵᠤ᠂ 49 ᠵᠦᠢᠯ ᠤᠨ ᠪᠣᠳᠠᠲᠠᠢ ᠬᠢᠨᠠᠨ ᠬᠡᠮᠵᠢᠯᠲᠡ ᠶᠢᠨ ᠭᠦᠢᠴᠡᠳᠬᠡᠯ ᠲᠤᠭ᠎ᠠ ᠶᠢ ᠲᠣᠬᠢᠷᠠᠭᠤᠯᠵᠤ᠂ | ᠠᠵᠢᠯ ᠤᠨ ᠦᠷ᠎ᠡ ᠪᠦᠲᠦᠮᠵᠢ ᠶᠢᠨ ᠦᠨᠡᠯᠡᠯᠲᠡ ᠳᠤ ᠬᠢᠨᠠᠨ ᠬᠡᠮᠵᠢᠯᠲᠡ ᠶᠢᠨ ᠭᠦᠢᠴᠡᠳᠬᠡᠯ ᠲᠤᠭ᠎ᠠ ᠶᠢᠨ ᠰᠠᠭᠤᠷᠢᠨ ᠳᠡᠭᠡᠷ᠎ᠡ 18 ᠭᠦᠢᠴᠡᠳᠬᠡᠯ ᠲᠤᠭ᠎ᠠ ᠶᠢᠨ ᠵᠦᠢᠯ ᠢ | ᠲᠣᠭᠲᠠᠭᠠᠵᠤ᠂ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠳᠤ ᠠᠵᠢᠯ ᠤᠨ ᠦᠷ᠎ᠡ ᠪᠦᠲᠦᠮᠵᠢ ᠶᠢᠨ ᠦᠨᠡᠯᠡᠯᠲᠡ ᠬᠢᠨ᠎ᠠ᠃ | | ᠭᠤᠷᠪᠠᠳᠤᠭᠠᠷ ᠬᠡᠰᠡᠭ᠄ ᠬᠥᠳᠡᠯᠦᠩᠭᠦᠢ ᠬᠠᠮᠢᠶᠠᠷᠤᠯᠲᠠ᠃ ᠨᠢᠭᠡᠨᠲᠡ ᠵᠥᠪᠰᠢᠶᠡᠷᠡᠨ ᠪᠠᠶᠢᠭᠤᠯᠤᠭᠰᠠᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ | ᠪᠠᠶᠢᠭᠤᠯᠤᠯᠲᠠ ᠶᠢᠨ ᠪᠠᠶᠢᠳᠠᠯ ᠳᠤ ᠬᠥᠳᠡᠯᠦᠩᠭᠦᠢ ᠬᠢᠨᠠᠨ ᠬᠡᠮᠵᠢᠬᠦ ᠬᠠᠮᠢᠶᠠᠷᠤᠯᠲᠠ ᠶᠢᠨ ᠲᠣᠭᠲᠠᠴᠠ ᠶᠢ ᠬᠡᠷᠡᠭᠵᠢᠭᠦᠯᠵᠦ᠂ 2 ᠰᠠᠷ᠎ᠠ ᠪᠦᠷᠢ ᠨᠢᠭᠡ ᠤᠳᠠᠭ᠎ᠠ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠤᠨ ᠲᠣᠬᠢᠷᠠᠭᠤᠯᠤᠯᠲᠠ ᠬᠢᠵᠦ᠂ ᠵᠢᠯ ᠪᠦᠷᠢ ᠶᠢᠨ 6 ᠰᠠᠷ᠎ᠠ ᠳᠤ ᠨᠢᠭᠡ ᠤᠳᠠᠭ᠎ᠠ ᠬᠢᠨᠠᠨ | ᠬᠡᠮᠵᠢᠭᠰᠡᠨ ᠲᠤᠭ᠎ᠠ ᠪᠠᠷᠢᠮᠲᠠ ᠶᠢᠨ ᠲᠣᠬᠢᠷᠠᠭᠤᠯᠤᠯᠲᠠ ᠶᠢᠨ ᠪᠦᠷᠢᠳᠬᠡᠯ ᠬᠢᠵᠦ᠂ ᠵᠢᠯ ᠪᠦᠷᠢ ᠶᠢᠨ 1 ᠰᠠᠷ᠎ᠠ ᠳᠤ ᠣᠨ ᠤ ᠠᠵᠤ ᠦᠢᠯᠡᠰ ᠤᠨ ᠬᠦᠷᠢᠶᠡᠯᠡᠩ ᠤᠨ | ᠪᠦᠲᠦᠭᠡᠨ ᠪᠠᠶᠢᠭᠤᠯᠤᠯᠲᠠ ᠶᠢᠨ ᠠᠵᠢᠯ ᠤᠨ ᠦᠷ᠎ᠡ ᠪᠦᠲᠦᠮᠵᠢ ᠶᠢᠨ ᠦᠨᠡᠯᠡᠯᠲᠡ ᠬᠢᠨ᠎ᠡ᠃ | ᠳᠥᠷᠪᠡᠳᠦᠭᠡᠷ ᠬᠡᠰᠡᠭ᠄ ᠬᠢᠨᠠᠨ ᠰᠢᠯᠭᠠᠵᠤ ᠮᠠᠭᠠᠳᠯᠠᠨ ᠲᠣᠭᠲᠠᠭᠠᠬᠤ ᠵᠢᠷᠤᠮ᠃ ᠬᠢᠨᠠᠨ ᠰᠢᠯᠭᠠᠵᠤ ᠮᠠᠭᠠᠳᠯᠠᠨ ᠲᠣᠭᠲᠠᠭᠠᠬᠤ ᠠᠷᠭ᠎ᠠ ᠮᠠᠶ᠋ᠢᠭ᠂ ᠵᠢᠷᠤᠮ ᠢ | ᠲᠣᠭᠲᠠᠭᠠᠪᠠ︔ ᠬᠢᠨᠠᠨ ᠰᠢᠯᠭᠠᠵᠤ ᠦᠨᠡᠯᠡᠬᠦ ᠦᠷ᠎ᠡ ᠳ᠋ᠦᠩ ᠤᠨ ᠵᠡᠷᠭᠡ ᠳᠡᠰ ᠢ ᠲᠣᠳᠣᠷᠬᠠᠶᠢᠯᠠᠪᠠ︔ ᠬᠢᠨᠠᠨ ᠰᠢᠯᠭᠠᠯᠳᠠ ᠶᠢᠨ ᠦᠷ᠎ᠡ ᠳ᠋ᠦᠩ ᠤᠨ ᠬᠡᠷᠡᠭᠯᠡᠯᠲᠡ ᠶᠢ | ᠳᠤᠷᠠᠳᠤᠭᠰᠠᠨ ᠪᠥᠭᠡᠳ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ | ᠲᠠᠪᠤᠳᠤᠭᠠᠷ ᠬᠡᠰᠡᠭ᠄ ᠲᠠᠭᠠᠯᠳᠠ ᠳᠦᠷᠢᠮ᠃ ︽ᠬᠢᠨᠠᠨ ᠬᠡᠮᠵᠢᠵᠦ ᠦᠨᠡᠯᠡᠬᠦ ᠠᠷᠭ᠎ᠠ︾ ᠶᠢ ᠲᠤᠷᠰᠢᠨ ᠬᠡᠷᠡᠭᠵᠢᠭᠦᠯᠬᠦ ᠴᠠᠭ ᠬᠤᠭᠤᠴᠠᠭ᠎ᠠ ᠶᠢ | ᠲᠣᠳᠣᠷᠬᠠᠶᠢᠯᠠᠪᠠ᠃ | | | |