ᠮᠠᠨ ᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠤᠯᠠᠮ | ᠨᠢᠭᠡ ᠠᠯᠬᠤᠮ ᠵᠢᠷᠤᠮᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ | ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠢᠨᠠᠨ ᠬᠡᠮᠵᠢᠵᠦ ᠦᠨᠡᠯᠡᠬᠦ ᠳᠦᠷᠢᠮ ᠢ ᠲᠡᠭᠦᠯᠳᠡᠷᠵᠢᠭᠦᠯᠵᠦ᠂ ᠠᠵᠤ | ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠣᠨᠣᠪᠴᠢᠲᠠᠢ ᠦᠨᠡᠯᠡᠬᠦ ᠶᠢᠨ ᠲᠤᠰᠠᠳᠠ᠂ 3 ᠰᠠᠷ᠎ᠠ ᠶᠢᠨ 12 ᠤᠨ ᠡᠳᠦᠷ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ︽︿ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ | ᠪᠠᠶᠢᠭᠤᠯᠤᠯᠲᠠ ᠶᠢᠨ ᠵᠢᠯᠤᠭᠤᠳᠬᠤ ᠰᠠᠨᠠᠯ﹀ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ | ᠠᠵᠤ ᠦᠢᠯᠡᠰ ᠤᠨ ᠬᠦᠷᠢᠶᠡᠯᠡᠩ ᠤᠨ ᠬᠢᠨᠠᠨ ᠬᠡᠮᠵᠢᠵᠦ ᠦᠨᠡᠯᠡᠬᠦ ᠠᠷᠭ᠎ᠠ﹀ ᠳᠤ ᠵᠠᠰᠠᠪᠤᠷᠢ ᠣᠷᠣᠭᠤᠯᠵᠤ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠢ | ᠳᠠᠷᠤᠮᠠᠯᠯᠠᠨ ᠲᠠᠷᠬᠠᠭᠠᠪᠠ᠃ ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰ ᠤᠨ ᠬᠦᠷᠢᠶᠡᠯᠡᠩ ᠤᠨ ᠪᠦᠳᠦᠭᠡᠨ ᠪᠠᠶᠢᠭᠤᠯᠤᠯᠳᠠ ᠶᠢᠨ ᠵᠢᠯᠤᠭᠤᠳᠬᠤ ᠰᠠᠨᠠᠯ︾ ︵ᠳᠣᠷᠣᠭᠰᠢ ᠵᠢᠯᠤᠭᠤᠳᠬᠤ ᠰᠠᠨᠠᠯ ᠭᠡᠵᠦ ᠲᠣᠪᠴᠢᠯᠠᠨ᠎ᠠ︶ ᠤᠨ ᠬᠠᠮᠢᠶ᠎ᠠ | ᠪᠦᠬᠦᠢ ᠠᠭᠤᠯᠭ᠎ᠠ ᠶᠢ ᠳᠣᠣᠷᠠᠬᠢ ᠮᠡᠲᠦ ᠲᠠᠶᠢᠯᠪᠤᠷᠢᠯᠠᠶ᠎ᠠ᠄ | ᠨᠢᠭᠡ᠂ ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ | 2019 ᠣᠨ ᠳᠤ᠂ ᠥᠪᠡᠷᠲᠡᠭᠡᠨ ᠵᠠᠰᠠᠬᠤ ᠣᠷᠣᠨ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠡᠭᠦᠳᠦᠨ | ᠪᠠᠶᠢᠭᠤᠯᠬᠤ ᠠᠵᠢᠯ ᠢ ᠥᠷᠨᠢᠭᠦᠯᠵᠦ᠂ ᠤᠳᠤ ᠪᠣᠯᠲᠠᠯ᠎ᠠ᠂ ᠨᠡᠶᠢᠳᠡ 41 ᠥᠪᠡᠷᠲᠡᠭᠡᠨ ᠵᠠᠰᠠᠬᠤ ᠣᠷᠣᠨ ᠤ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ | ᠠᠵᠤ ᠦᠢᠯᠡᠰ ᠤᠨ ᠬᠦᠷᠢᠶᠡᠯᠡᠩ ᠢ ᠵᠦᠪᠰᠢᠶᠡᠷᠡᠨ ᠪᠦᠳᠦᠭᠡᠨ ᠪᠠᠶᠢᠭᠤᠯᠵᠠᠢ᠃ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ | ᠵᠢᠷᠤᠮᠵᠢᠭᠤᠯᠬᠤ ᠶᠢᠨ ᠲᠥᠯᠥᠭᠡ᠂ 2022 ᠣᠨ ᠳᠤ ᠮᠠᠨ ᠤ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ | ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠵᠢᠯᠤᠭᠤᠳᠬᠤ ᠰᠠᠨᠠᠯ ︵ᠲᠤᠷᠰᠢᠨ ᠬᠡᠷᠡᠭᠵᠢᠭᠦᠯᠬᠦ︶︾ ᠢ | ᠲᠤᠭᠤᠷᠪᠢᠨ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠪᠦᠲᠦᠮᠵᠢᠲᠡᠶ ᠵᠢᠯᠣᠭᠤᠳᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠡᠳ᠋ ᠤᠨ | ᠵᠠᠰᠠᠭ ᠤᠨ ᠬᠦᠷᠢᠶ᠎ᠡ ᠴᠠᠷᠠᠭ᠎ᠠ ᠳᠤ ᠤᠯᠠᠮ ᠨᠢᠭᠡ ᠠᠯᠬᠤᠮ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ ᠦᠢᠯᠡᠴᠢᠯᠡᠭᠡ ᠶᠢ ᠰᠢᠯᠢᠳᠡᠭᠵᠢᠭᠦᠯᠬᠦ ᠲᠤᠬᠠᠢ | ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹2024︺ 52 ᠳ᠋ᠤᠭᠠᠷ ᠲᠣᠭᠠᠲᠤ︶ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠮᠠᠨ ᠤ | ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ | ᠪᠦᠲᠦᠭᠡᠨ ᠪᠠᠶᠢᠭᠤᠯᠤᠯᠲᠠ ᠶᠢᠨ ᠵᠢᠯᠤᠭᠤᠳᠬᠤ ᠰᠠᠨᠠᠯ︾ ᠳᠤ ᠲᠠᠬᠢᠨᠳᠠ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃ | ᠬᠤᠶᠠᠷ᠂ ᠭᠤᠣᠯ ᠪᠣᠷᠣ ᠲᠥᠯᠥᠪ | ︽ᠵᠢᠯᠤᠭᠤᠳᠬᠤ ᠰᠠᠨᠠᠯ︾ ᠳᠤ ᠶᠡᠷᠦᠩᠬᠡᠢ ᠱᠠᠭᠠᠷᠳᠠᠯᠭ᠎ᠠ᠂ ᠭᠤᠣᠯ ᠡᠭᠦᠷᠭᠡ᠂ ᠦᠨᠳᠦᠰᠦᠨ ᠨᠥᠬᠦᠴᠡᠯ᠂ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠪᠠ | ᠪᠡᠯᠡ ᠮᠥᠩᠭᠦ ᠶᠢᠨ ᠬᠡᠷᠡᠭᠯᠡᠯᠲᠡ ᠵᠡᠷᠭᠡ 5 ᠬᠡᠰᠡᠭ ᠠᠭᠤᠯᠭ᠎ᠠ ᠪᠠᠭᠲᠠᠨ᠎ᠠ᠃ | ᠭᠤᠷᠪᠠ᠂ ᠭᠤᠣᠯ ᠠᠭᠤᠯᠭ᠎ᠠ | ᠨᠢᠭᠡᠳᠦᠭᠡᠷ ᠬᠡᠰᠡᠭ᠄ ᠶᠡᠷᠦᠩᠬᠡᠢ ᠱᠠᠭᠠᠷᠳᠠᠯᠭ᠎ᠠ᠃ ᠣᠳᠣᠬᠠᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠲᠠᠢ | ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ | ᠪᠠᠶᠢᠭᠤᠯᠤᠯᠲᠠ ᠶᠢᠨ ᠵᠢᠯᠤᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠠ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢ ᠲᠠᠬᠢᠨᠳᠠ ᠲᠣᠳᠤᠷᠬᠠᠶᠢᠯᠠᠨ | ᠲᠠᠶᠢᠯᠪᠤᠷᠢᠯᠠᠪᠠ᠃ | ᠬᠤᠶᠠᠳᠤᠭᠠᠷ ᠬᠡᠰᠡᠭ᠄ ᠭᠤᠣᠯ ᠡᠭᠦᠷᠭᠡ᠃ ᠭᠤᠣᠯᠯᠠᠬᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ᠂ ᠦᠢᠯᠡᠳᠪᠦᠷᠢᠯᠡᠯ ᠤᠨ ᠬᠦᠴᠦᠨ | ᠵᠦᠢᠯ ᠤᠨ ᠴᠤᠭᠯᠠᠷᠠᠯ ᠢ ᠠᠬᠢᠭᠤᠯᠬᠤ᠂ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠯ ᠢ ᠠᠬᠢᠭᠤᠯᠬᠤ᠂ ᠡᠵᠡᠩᠨᠡᠯᠲᠡ ᠶᠢᠨ ᠭᠤᠣᠯ ᠴᠣᠭᠴᠠ ᠶᠢᠨ | ᠬᠦᠷᠢᠶᠡᠯᠡᠩ ᠳᠤ ᠣᠷᠣᠵᠤ ᠡᠵᠡᠩᠨᠡᠬᠦ ᠶᠢ ᠵᠣᠷᠢᠭᠵᠢᠭᠤᠯᠬᠤ᠂ ᠲᠠᠷᠢᠶᠠᠯᠠᠩ ᠮᠠᠯ ᠠᠵᠤ ᠠᠬᠤᠢ ᠶᠢᠨ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠵᠡᠷᠭᠡ 5 | ᠲᠠᠯ᠎ᠠ ᠠᠴᠠ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢᠨ ᠲᠤᠬᠠᠢ | ᠲᠣᠳᠤᠷᠬᠠᠶᠢᠯᠠᠨ ᠲᠠᠶᠢᠯᠪᠤᠷᠢᠯᠠᠪᠠ᠃ | ᠭᠤᠷᠪᠠᠳᠤᠭᠠᠷ ᠬᠡᠰᠡᠭ᠄ ᠦᠨᠳᠦᠰᠦᠨ ᠨᠥᠬᠦᠴᠡᠯ᠃ ᠲᠣᠰ ᠪᠦᠷᠢ ᠲᠦᠯᠦᠪᠵᠢᠭᠦᠯᠭᠡ ᠪᠠᠶᠢᠷᠢᠯᠠᠭᠤᠯᠤᠯᠳᠠ᠂ ᠭᠤᠣᠯᠯᠠᠬᠤ ᠠᠵᠤ ᠦᠢᠯᠡᠰ᠂ | ᠦᠢᠯᠡᠳᠪᠦᠷᠢᠯᠡᠯ ᠤᠨ ᠬᠦᠴᠦᠨ ᠵᠦᠢᠯ᠂ ᠪᠣᠬᠢᠷᠲᠤᠯ ᠦᠭᠡᠢ ᠬᠥᠭᠵᠢᠯᠲᠡ᠂ ᠵᠢᠵᠢᠭ ᠲᠠᠷᠢᠶᠠᠴᠢᠨ ᠡᠷᠦᠬᠡ ᠬᠢᠭᠡᠳ ᠰᠢᠨ᠎ᠡ ᠬᠡᠯᠪᠡᠷᠢ ᠶᠢᠨ ᠲᠠᠷᠢᠶᠠᠯᠠᠩ ᠤᠨ | ᠡᠵᠡᠩᠨᠡᠯᠳᠡ ᠶᠢᠨ ᠭᠤᠤᠯ ᠴᠤᠬᠴᠠ ᠶᠢᠨ ᠬᠤᠯᠪᠤᠭᠠᠯᠠᠯ ᠤᠨ ᠲᠠᠶᠢᠴᠢᠯᠠᠯᠳᠠ᠂ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠵᠣᠬᠢᠶᠠᠨ ᠪᠠᠶᠢᠭᠤᠯᠤᠯᠲᠠ ᠶᠢᠨ | ᠬᠠᠮᠢᠶᠠᠷᠤᠯᠲᠠ ᠵᠡᠷᠭᠡ 7 ᠲᠠᠯ᠎ᠠ ᠪᠠᠷ ᠪᠦᠲᠦᠭᠡᠨ ᠪᠠᠶᠢᠭᠤᠯᠬᠤ ᠪᠠᠷᠢᠮᠵᠢᠶ᠎ᠠ ᠶᠢ ᠲᠣᠳᠣᠷᠬᠠᠶᠢᠯᠠᠭᠰᠠᠨ ᠪᠥᠭᠡᠳ ᠪᠣᠯᠪᠠᠰᠤᠷᠠᠭᠤᠯᠬᠤ ᠦᠢᠯᠡᠰ ᠢᠶᠠᠷ ᠭᠤᠣᠯ ᠪᠣᠯᠭᠠᠭᠰᠠᠨ | ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠦᠨᠳᠦᠰᠦᠨ ᠨᠥᠬᠦᠴᠡᠯ ᠢ ᠰᠢᠨ᠎ᠡ ᠪᠠᠷ ᠨᠡᠮᠡᠪᠡ᠃ | ᠳᠥᠷᠪᠡᠳᠦᠭᠡᠷ ᠬᠡᠰᠡᠭ᠄ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ᠃ ᠣᠳᠣᠬᠠᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ | ᠬᠥᠭᠵᠢᠯᠲᠡ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠰᠢᠨᠵᠢᠯᠡᠬᠦ ᠤᠬᠠᠭᠠᠨᠴᠢ ᠪᠠᠷ | ᠲᠥᠰᠥᠯ ᠲᠣᠭᠲᠠᠭᠠᠬᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠨᠡᠮᠡᠭᠳᠡᠭᠦᠯᠬᠦ᠂ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ᠂ ᠠᠵᠢᠯ ᠤᠨ ᠦᠷ᠎ᠡ | ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠬᠤ ᠵᠡᠷᠭᠡ 5 ᠲᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠤᠭᠰᠠᠨ ᠪᠥᠭᠡᠳ ᠪᠠᠰᠠ ᠡᠯ᠎ᠡ ᠱᠠᠲᠤᠨ ᠤ ᠲᠠᠷᠢᠶᠠᠯᠠᠩ ᠮᠠᠯ | ᠠᠵᠤ ᠠᠬᠤᠢ ᠶᠢᠨ ᠰᠠᠯᠠᠭ᠎ᠠ ᠮᠥᠴᠢᠷ ᠤᠨ ᠴᠢᠳᠠᠪᠬᠢ ᠪᠠ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠪᠠ᠃ | ᠲᠠᠪᠤᠳᠤᠭᠠᠷ ᠬᠡᠰᠡᠭ᠄ ᠪᠡᠯᠡ ᠮᠥᠩᠭᠦ ᠶᠢᠨ ᠬᠡᠷᠡᠭᠯᠡᠯᠲᠡ᠃ ᠣᠶᠢᠷ᠎ᠠ ᠶᠢᠨ ᠵᠢᠯ ᠤᠨ ᠲᠤᠷᠰᠢᠬᠢ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ | ᠪᠠᠶᠢᠭᠤᠯᠤᠯᠲᠠ ᠶᠢᠨ ᠪᠣᠳᠠᠲᠤ ᠬᠡᠷᠡᠭᠴᠡᠭᠡ ᠲᠠᠢ ᠤᠶᠠᠯᠳᠤᠭᠤᠯᠤᠨ᠂ ᠬᠠᠮᠢᠶᠠᠷᠤᠯᠲᠠ ᠶᠢᠨ ᠵᠢᠷᠤᠮᠵᠢᠭᠤᠯᠤᠯᠳᠠ᠂ ᠳᠡᠮᠵᠢᠬᠦ ᠠᠷᠭ᠎ᠠ ᠮᠠᠶ᠋ᠢᠭ᠂ ᠬᠡᠷᠡᠭᠯᠡᠬᠦ ᠬᠡᠪᠴᠢᠶ᠎ᠡ ᠵᠡᠷᠭᠡ | 3 ᠲᠠᠯ᠎ᠠ ᠠᠴᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠱᠠᠩᠨᠠᠯ ᠨᠦᠬᠦᠪᠦᠷᠢ ᠶᠢᠨ ᠪᠡᠯᠡ ᠮᠥᠩᠭᠦ ᠶᠢ ᠬᠡᠷᠡᠭᠯᠡᠬᠦ ᠬᠡᠪᠴᠢᠶ᠎ᠡ ᠪᠣᠯᠣᠨ ᠬᠠᠮᠢᠶᠠᠷᠤᠯᠲᠠ ᠶᠢᠨ | ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠪᠠ᠃ | | | | | |