ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠪᠠᠨ ᠠᠪᠤᠭᠰᠠᠨ ᠠᠵᠢᠯ ᠠᠯᠳᠠᠭᠰᠠᠳ ᠤᠨ ᠡᠮᠴᠢᠯᠡᠭᠡᠨ ᠤ ᠳᠠᠭᠠᠳᠬᠠᠯ ᠢ ᠶᠠᠭᠠᠬᠢᠬᠤ ᠪᠤᠶ︖ | ᠥᠪᠡᠷᠰᠡᠳ ᠢᠶᠠᠨ ᠰᠦᠢᠳᠬᠡᠯ ᠲᠤᠰᠢᠶᠠᠬᠤ ᠴᠢᠬᠤᠯᠠ ᠲᠠᠢ ᠦᠦ︖ ᠡᠪᠡᠳᠴᠢᠨ ᠢᠶᠠᠨ ᠦᠵᠡᠭᠦᠯᠬᠦ ᠳᠤ ᠲᠠᠩᠰᠠ ᠪᠠᠰᠠ ᠳᠡᠶᠢᠯᠵᠦ ᠲᠠᠶᠢᠯᠤᠨ᠎ᠠ ᠦᠦ︖ ᠠᠵᠢᠯ | ᠠᠯᠳᠠᠭᠰᠠᠳ ᠤᠨ ᠳᠠᠭᠠᠳᠬᠠᠯ ᠤᠨ ᠮᠥᠩᠭᠦ ᠬᠦᠷᠲᠡᠵᠦ ᠪᠠᠶᠢᠭ᠎ᠠ ᠬᠤᠭᠤᠴᠠᠭᠠᠨ ᠳᠤ ᠴᠣᠬᠤᠮ ᠶᠠᠮᠠᠷ ᠶᠠᠮᠠᠷ ᠬᠠᠷᠠᠭᠠᠯᠵᠠᠯ ᠭᠥᠷᠳᠡᠵᠦ ᠪᠣᠯᠬᠤ ᠪᠤᠶ︖ ᠤᠯᠠᠨ ᠤ | ᠠᠩᠬᠠᠷᠴᠤ ᠪᠠᠶᠢᠭ᠎ᠠ ᠡᠳᠡᠭᠡᠷ ᠠᠰᠠᠭᠤᠳᠠᠯ ᠤᠳ ᠲᠤ ᠨᠢᠭᠡᠳ ᠨᠢᠭᠡ ᠪᠠᠷ ᠬᠠᠷᠢᠭᠤᠯᠲᠠ ᠥᠭᠭᠦᠶ᠎ᠡ᠃ | ᠨᠢᠭᠡ᠂ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠬᠦᠷᠲᠡᠵᠦ ᠪᠠᠶᠢᠭ᠎ᠠ ᠬᠤᠭᠤᠴᠠᠭᠠᠨ ᠳᠤ ᠦᠷᠭᠦᠯᠵᠢᠯᠡᠨ ᠡᠮᠴᠢᠯᠡᠭᠡᠨ ᠤ ᠳᠠᠭᠠᠳᠬᠠᠯ ᠤᠨ | ᠬᠠᠷᠠᠭᠠᠯᠵᠠᠯ ᠬᠦᠷᠲᠡᠵᠦ ᠪᠣᠯᠣᠨ᠎ᠠ ᠦᠦ︖ | ᠪᠣᠯᠣᠨ᠎ᠠ᠃ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠬᠦᠷᠲᠡᠵᠦ ᠪᠠᠶᠢᠭ᠎ᠠ ᠬᠥᠮᠥᠰ ᠤᠨ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠳᠤ | ᠣᠷᠣᠯᠴᠠᠬᠤ ᠪᠠᠷ ᠲᠤᠰᠢᠶᠠᠬᠤ ᠶᠣᠰᠣᠲᠠᠢ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠢ ᠠᠵᠢᠯ ᠠᠯᠳᠠᠭᠰᠠᠳ ᠤᠨ ᠳᠠᠭᠠᠳᠬᠠᠯ ᠤᠨ ᠰᠠᠭᠤᠷᠢ | ᠮᠥᠩᠭᠦᠨ ᠠᠴᠠ ᠲᠤᠰᠢᠶᠠᠵᠤ ᠥᠭᠬᠦᠨ᠎ᠡ᠂ ᠬᠤᠪᠢ ᠬᠥᠮᠥᠨ ᠰᠦᠢᠳᠬᠡᠯ ᠲᠤᠰᠢᠶᠠᠬᠤ ᠦᠭᠡᠢ᠃ ᠥᠭᠡᠷ᠎ᠡ ᠪᠠᠷ ᠬᠡᠯᠡᠪᠡᠯ᠂ ᠠᠵᠢᠯ ᠠᠯᠳᠠᠭᠰᠠᠳ ᠤᠨ ᠡᠮᠴᠢᠯᠡᠭᠡᠨ ᠤ | ᠳᠠᠭᠠᠳᠬᠠᠯ ᠢ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦᠨ ᠠᠴᠠ ᠰᠢᠭᠤᠳ ᠲᠤᠰᠢᠶᠠᠵᠤ ᠥᠭᠭᠦᠨ᠎ᠡ᠃ | ᠬᠤᠶᠠᠷ᠂ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠬᠦᠷᠲᠡᠵᠦ ᠪᠠᠶᠢᠭ᠎ᠠ ᠬᠥᠮᠥᠰ ᠥᠪᠡᠷᠰᠡᠳ ᠢᠶᠠᠨ ᠠᠵᠢᠯᠲᠠᠨ ᠠᠵᠢᠯᠴᠢᠨ ᠤ ᠦᠨᠳᠦᠰᠦᠨ | ᠡᠮᠴᠢᠯᠡᠭᠡᠨ ᠤ ᠳᠠᠭᠠᠳᠬᠠᠯ ᠤᠨ ᠰᠦᠢᠳᠬᠡᠯ ᠲᠤᠰᠢᠶᠠᠬᠤ ᠴᠢᠬᠤᠯᠠ ᠲᠠᠢ ᠦᠦ︖ | ᠠᠵᠢᠯ ᠠᠯᠳᠠᠭᠰᠠᠳ ᠤᠨ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠢ ᠡᠯ᠎ᠡ ᠱᠠᠲᠤᠨ ᠤ ᠠᠵᠢᠯ ᠠᠯᠳᠠᠭᠰᠠᠳ ᠤᠨ | ᠳᠠᠭᠠᠳᠬᠠᠯ ᠢ ᠭᠠᠷᠳᠠᠨ ᠬᠢᠬᠦ ᠪᠠᠶᠢᠭᠤᠯᠤᠮᠵᠢ ᠨᠤᠭᠤᠳ ᠰᠠᠷ᠎ᠠ ᠪᠠᠷ ᠨᠢᠭᠡᠴᠢ ᠪᠣᠯᠭᠠᠨ ᠣᠷᠣᠯᠠᠨ ᠲᠤᠰᠢᠶᠠᠨ᠎ᠠ᠃ ᠠᠵᠢᠯ ᠠᠯᠳᠠᠭᠰᠠᠳ ᠲᠤ ᠠᠪᠴᠤ ᠬᠡᠯᠡᠪᠡᠯ᠂ ᠠᠵᠢᠯ | ᠠᠯᠳᠠᠭᠰᠠᠳ ᠤᠨ ᠳᠠᠭᠠᠳᠬᠠᠯ ᠤᠨ ᠮᠥᠩᠭᠦ ᠪᠠᠨ ᠭᠤᠶᠤᠴᠢᠯᠠᠨ ᠣᠯᠣᠭᠰᠠᠨ ᠤ ᠳᠠᠷᠠᠭ᠎ᠠ᠂ ᠥᠪᠡᠷᠰᠡᠳ ᠢᠶᠠᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠲᠤᠰᠢᠶᠠᠬᠤ | ᠴᠢᠬᠤᠯᠠ ᠦᠭᠡᠢ᠃ | ᠭᠤᠷᠪᠠ᠂ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠬᠦᠷᠲᠡᠵᠦ ᠪᠠᠶᠢᠭ᠎ᠠ ᠬᠥᠮᠥᠰ ᠶᠠᠮᠠᠷ ᠶᠠᠮᠠᠷ ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ | ᠬᠦᠷᠲᠡᠵᠦ ᠪᠣᠯᠬᠤ ᠪᠤᠢ︖ | ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠬᠦᠷᠲᠡᠵᠦ ᠪᠠᠶᠢᠭ᠎ᠠ ᠬᠥᠮᠥᠰ ᠨᠢ ᠠᠵᠢᠯ ᠤᠨ ᠪᠠᠶᠢᠷᠢᠨ ᠳᠤ ᠪᠠᠨ ᠪᠠᠶᠢᠭ᠎ᠠ ᠠᠵᠢᠯᠲᠠᠨ ᠠᠵᠢᠯᠴᠢᠨ ᠲᠠᠢ | ᠡᠭᠡᠭᠡ ᠠᠳᠠᠯᠢᠬᠠᠨ ᠢᠶᠠᠷ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ︵ᠡᠮᠨᠡᠯᠭᠡ ᠳᠤ ᠰᠠᠭᠤᠬᠤ᠂ ᠡᠩ ᠤᠨ ᠡᠭᠦᠳᠡᠨ ᠡᠮᠨᠡᠯᠭᠡ ᠳᠤ ᠡᠮᠨᠡᠭᠦᠯᠬᠦ᠂ | ᠡᠭᠦᠳᠡᠨ ᠡᠮᠨᠡᠯᠭᠡ ᠳᠤ ᠤᠵᠢᠭ ᠡᠪᠡᠳᠴᠢᠨ ᠣᠨᠴᠠᠭᠠᠶ ᠡᠪᠡᠳᠴᠢᠨ ᠡᠮᠨᠡᠭᠦᠯᠬᠦ ᠳᠤ ᠨᠢᠭᠡᠳᠦᠯᠲᠡᠢ ᠲᠥᠯᠥᠪᠯᠡᠬᠦ ᠬᠠᠷᠠᠭᠠᠯᠵᠠᠯ ᠢ ᠪᠠᠭᠲᠠᠭᠠᠨ᠎ᠠ︶ ᠪᠠ ᠦᠷᠡᠵᠢᠯ ᠤᠨ | ᠳᠠᠭᠠᠳᠬᠠᠯ ᠤᠨ ᠬᠠᠷᠠᠭᠠᠯᠵᠠᠯ ᠢ ᠬᠦᠷᠲᠡᠵᠦ ᠪᠣᠯᠣᠨ᠎ᠠ᠃ | ᠳᠥᠷᠪᠡ᠂ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠬᠦᠷᠲᠡᠵᠦ ᠪᠠᠶᠢᠭ᠎ᠠ ᠬᠤᠭᠤᠴᠠᠭᠠᠨ ᠳᠤ ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠢ | ᠦᠷᠭᠦᠯᠵᠢᠯᠡᠨ ᠬᠦᠷᠲᠡᠭᠡᠳ ᠪᠠᠶᠢᠵᠤ ᠪᠣᠯᠣᠨ᠎ᠠ ᠦᠦ︖ | ᠪᠣᠯᠣᠨ᠎ᠠ᠃ ᠠᠵᠢᠯ ᠠᠯᠳᠠᠭᠰᠠᠳ ᠢ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠬᠦᠷᠲᠡᠵᠦ ᠪᠠᠶᠢᠭ᠎ᠠ ᠬᠤᠭᠤᠴᠠᠭᠠᠨ ᠳᠤ᠂ ᠠᠵᠢᠯ ᠠᠯᠳᠠᠭᠰᠠᠳ ᠤᠨ | ᠳᠠᠭᠠᠳᠬᠠᠯ ᠤᠨ ᠰᠠᠭᠤᠷᠢ ᠮᠥᠩᠭᠦᠨ ᠠᠴᠠ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠢ ᠨᠢ ᠢᠵᠢᠯ ᠠᠯᠬᠤᠮ ᠢᠶᠠᠷ | ᠲᠤᠰᠢᠶᠠᠵᠤ ᠥᠭᠭᠦᠨ᠎ᠡ᠂ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠶᠢ ᠬᠡᠳᠦᠢ ᠤᠷᠲᠤ ᠬᠤᠭᠤᠴᠠᠭ᠎ᠠ ᠠᠪᠤᠪᠠᠯ ᠠᠵᠢᠯᠲᠠᠨ ᠠᠵᠢᠯᠴᠢᠨ ᠤ ᠦᠨᠳᠦᠰᠦᠨ | ᠡᠮᠴᠢᠯᠡᠭᠡᠨ ᠤ ᠳᠠᠭᠠᠳᠬᠠᠯ ᠤᠨ ᠰᠦᠢᠳᠬᠡᠯ ᠢ ᠨᠢ ᠳᠠᠷᠤᠢ ᠲᠡᠳᠦᠢ ᠤᠷᠲᠤ ᠬᠤᠭᠤᠴᠠᠭ᠎ᠠ ᠲᠤᠰᠢᠶᠠᠵᠤ ᠥᠭᠭᠦᠨ᠎ᠡ᠃ | ᠲᠠᠪᠤ᠂ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠬᠦᠷᠲᠡᠵᠦ ᠪᠠᠶᠢᠭ᠎ᠠ ᠬᠤᠭᠤᠴᠠᠭᠠᠨ ᠳᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ | ᠳᠠᠭᠠᠳᠬᠠᠯ ᠤᠨ ᠰᠦᠢᠳᠬᠡᠯ ᠲᠤᠰᠢᠶᠠᠭᠰᠠᠨ ᠵᠢᠯ ᠬᠤᠭᠤᠴᠠᠭ᠎ᠠ ᠶᠢ ᠨᠡᠶᠢᠯᠡᠭᠦᠯᠦᠨ ᠪᠤᠳᠤᠵᠤ ᠥᠭᠭᠦᠨ᠎ᠡ ᠦᠦ︖ | ᠪᠣᠳᠣᠵᠤ ᠥᠭᠭᠦᠨ᠎ᠡ᠃ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠬᠦᠷᠲᠡᠵᠦ ᠪᠠᠶᠢᠭ᠎ᠠ ᠬᠥᠮᠥᠰ ᠤᠨ ᠠᠵᠢᠯᠲᠠᠨ ᠠᠵᠢᠯᠴᠢᠨ ᠤ ᠡᠮᠴᠢᠯᠡᠭᠡᠨ ᠤ | ᠳᠠᠭᠠᠳᠬᠠᠯ ᠳᠤ ᠣᠷᠣᠯᠴᠠᠬᠤ ᠪᠠᠷ ᠰᠦᠢᠳᠬᠡᠯ ᠲᠤᠰᠢᠶᠠᠭᠰᠠᠨ ᠵᠢᠯ ᠬᠤᠭᠤᠴᠠᠭ᠎ᠠ ᠶᠢ ᠨᠢ ᠲᠡᠭᠦᠨ ᠤ ᠠᠵᠢᠯ ᠠᠯᠳᠠᠬᠤ ᠠᠴᠠ ᠡᠮᠦᠨᠡᠬᠢ ᠠᠵᠢᠯᠲᠠᠨ ᠠᠵᠢᠯᠴᠢᠨ ᠤ | ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠪᠠᠷ ᠰᠦᠢᠳᠬᠡᠯ ᠲᠤᠰᠢᠶᠠᠭᠰᠠᠨ ᠵᠢᠯ ᠬᠤᠭᠤᠴᠠᠭ᠎ᠠ ᠲᠠᠢ ᠨᠢ ᠨᠡᠶᠢᠯᠡᠭᠦᠯᠦᠨ ᠪᠣᠳᠣᠨ᠎ᠠ᠃ | | | |