ᠮᠠᠨ ᠤ ᠬᠤᠲᠠ ᠶᠢᠨ 80 ᠮᠡᠷᠭᠡᠵᠢᠯ ᠤᠨ ᠠᠷᠠᠯᠵᠢᠶᠠᠨ ᠤ ᠳᠠᠷᠠᠭ᠎ᠠ ᠨᠥᠬᠦᠪᠥᠷᠢ ᠶᠢᠨ ᠲᠥᠷᠥᠯ ᠵᠦᠢᠯ 565.5 ᠲᠦᠮᠡᠨ ᠲᠥᠭᠦᠷᠢᠭ ᠤᠨ ᠪᠡᠯᠡ ᠮᠥᠩᠭᠦ ᠤᠯᠪᠠ
ᠨᠡᠶᠢᠲᠡᠯᠡᠭᠰᠡᠨ ᠴᠠᠭ᠄
2025/5/23
      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠭᠤᠷᠪᠠᠳᠤᠭᠠᠷ ᠪᠦᠯᠦᠭ ᠤᠨ ᠲᠤᠰᠬᠠᠶ ᠪᠠᠯᠠ ᠮᠥᠩᠭᠦ ᠶᠢ ᠪᠠᠭᠤᠯᠭᠠᠵᠤ ᠂ ᠮᠠᠨ ᠤ ᠬᠤᠲᠠ ᠶᠢᠨ 80 ᠮᠡᠷᠭᠡᠵᠢᠯ ᠤᠨ ᠠᠷᠠᠯᠵᠢᠶ᠎ᠠ ᠶᠢᠨ ᠳᠠᠷᠠᠭᠠᠬᠢ ᠨᠥᠬᠦᠪᠥᠷᠢ ᠶᠢᠨ ᠲᠥᠷᠥᠯ ᠵᠦᠢᠯ 565.5 ᠲᠦᠮᠡᠨ ᠲᠥᠭᠦᠷᠢᠭ ᠤᠨ ᠵᠥᠪᠰᠢᠶᠡᠷᠡᠯ ᠣᠯᠵᠤ᠂ ᠳᠡᠭᠡᠷ᠎ᠡ ᠵᠢᠯ ᠲᠠᠢ ᠬᠠᠷᠢᠴᠠᠭᠤᠯᠪᠠᠯ᠂ ᠲᠥᠷᠥᠯ ᠵᠦᠢᠯ ᠤᠨ ᠲᠤᠭ᠎ᠠ ᠪᠠ ᠨᠥᠬᠦᠪᠥᠷᠢ ᠶᠢᠨ ᠵᠣᠭᠤᠰ ᠤᠨ ᠲᠤᠭ᠎ᠠ ᠲᠣᠰ ᠲᠣᠰ 66.67%᠂ 11.34% ᠨᠡᠮᠡᠭᠳᠡᠪᠡ᠃      ᠮᠡᠷᠭᠡᠵᠢᠯ ᠤᠨ ᠠᠷᠠᠯᠵᠢᠶ᠎ᠠ ᠶᠢᠨ ᠳᠠᠷᠠᠭᠠᠬᠢ ᠨᠥᠬᠦᠪᠦᠷᠢ ᠭᠡᠳᠡᠭ ᠨᠢ ᠨᠢᠭᠡᠨᠲᠡ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ ᠲᠥᠯᠥᠪᠦᠷᠢ ᠲᠠᠢ ᠮᠡᠷᠭᠡᠵᠢᠯ ᠢ ᠰᠢᠯᠵᠢᠭᠦᠯᠦᠨ ᠤᠯᠠᠷᠢᠭᠤᠯᠬᠤ ᠠᠷᠠᠯᠵᠢᠶ᠎ᠠ ᠵᠢᠴᠢ ᠬᠠᠮᠢᠶ᠎ᠠ ᠪᠦᠬᠦᠢ ᠦᠢᠯᠡᠴᠢᠯᠡᠭᠡ ᠶᠢᠨ ᠤᠷᠮᠠᠰᠢᠭᠤᠯᠬᠤ ᠴᠢᠨᠠᠷᠲᠠᠢ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠨᠥᠬᠦᠪᠦᠷᠢ ᠥᠭᠬᠦ ᠶᠢ ᠬᠡᠷᠡᠭᠵᠢᠭᠦᠯᠬᠦ ᠠᠷᠠᠯᠵᠢᠶᠠᠨ ᠤ ᠲᠠᠯ᠎ᠠ ᠶᠢᠨ ᠬᠤᠶᠢᠨᠠᠬᠢ ᠨᠥᠬᠦᠪᠦᠷᠢ ᠪᠠ ᠦᠢᠯᠡᠴᠢᠯᠡᠭᠡᠨ ᠤ ᠡᠲᠡᠭᠡᠳ ᠤᠨ ᠬᠤᠶᠢᠨᠠᠬᠢ ᠨᠥᠬᠦᠪᠦᠷᠢ ᠭᠡᠵᠦ ᠬᠤᠪᠢᠶᠠᠵᠤ᠂ ᠭᠤᠣᠯᠳᠠᠭᠤ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠠᠵᠢᠯᠯᠠᠭ᠎ᠠ ᠥᠷᠨᠢᠭᠦᠯᠬᠦ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠡᠷᠡᠭᠴᠡᠭᠡ ᠱᠠᠭᠠᠷᠳᠠᠯᠭ᠎ᠠ ᠶᠢᠨ ᠲᠠᠯ᠎ᠠ ᠂ ᠬᠠᠩᠭᠠᠬᠤ ᠲᠠᠯ᠎ᠠ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠶᠢ ᠠᠬᠢᠭᠤᠯᠬᠤ ᠮᠡᠷᠭᠡᠵᠢᠯ ᠢ ᠰᠢᠯᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠶᠢ ᠵᠢᠭᠠᠵᠤ ᠪᠠᠶᠢᠨ᠎ᠠ᠃      ᠣᠶᠢᠷ᠎ᠠ ᠶᠢᠨ ᠵᠢᠯ ᠠᠴᠠ᠂ ᠮᠠᠨ ᠤ ᠬᠤᠲᠠ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠠᠷᠠᠯᠵᠢᠶᠠᠨ ᠤ ᠳᠠᠷᠠᠭᠠᠬᠢ ᠨᠥᠬᠦᠪᠥᠷᠢ ᠶᠢᠨ ᠬᠡᠷᠡᠭᠵᠢᠭᠦᠯᠬᠦ ᠨᠠᠷᠢᠨ ᠲᠦᠷᠢᠮ︾ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠡᠷᠭᠡᠵᠢᠯ ᠢ ᠰᠢᠯᠵᠢᠭᠦᠯᠬᠦ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠵᠣᠯᠭᠠᠭᠤᠯᠤᠨ ᠨᠡᠶᠢᠲᠡᠯᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠡᠵᠡᠩᠨᠡᠯᠲᠡ ᠶᠢᠨ ᠭᠤᠤᠯ ᠴᠣᠭᠴᠠ ᠶᠢ ᠢᠳᠡᠪᠬᠢᠲᠡᠶ ᠬᠥᠲᠥᠯᠦᠨ ᠵᠢᠯᠣᠭᠤᠳᠬᠤ ᠪᠠ ᠵᠣᠷᠢᠭᠵᠢᠭᠤᠯᠵᠤ ᠪᠠᠶᠢᠭᠠᠳ ᠮᠡᠷᠭᠡᠵᠢᠯ ᠤᠨ ᠠᠷᠠᠯᠵᠢᠶ᠎ᠠ ᠪᠠ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠠᠵᠢᠯᠯᠠᠭ᠎ᠠ ᠥᠷᠨᠢᠭᠦᠯᠵᠦ᠂ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠪᠠ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ