ᠮᠠᠨ ᠤ ᠬᠤᠳᠠ ᠡᠨᠡ ᠵᠢᠯ 63.46 ᠲᠦᠮᠡᠨ ᠮᠤ᠋ ᠠᠮᠢ ᠠᠬᠤᠢ ᠶᠢ ᠵᠠᠰᠠᠵᠠᠢ
ᠨᠡᠶᠢᠲᠡᠯᠡᠭᠰᠡᠨ ᠴᠠᠭ᠄
2025/5/23
      ᠣᠶᠢᠷ᠎ᠠ ᠳᠤ᠂ ᠰᠤᠷᠪᠤᠯᠵᠢᠯᠠᠭᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠣᠶᠢᠯᠠᠭᠠᠭᠰᠠᠨ ᠨᠢ᠂ 5 ᠰᠠᠷ᠎ᠠ ᠶᠢᠨ 6 ᠤ ᠡᠳᠦᠷ ᠪᠣᠯᠲᠠᠯ᠎ᠠ᠂ ᠮᠠᠨ ᠤ ᠬᠤᠲᠠ ᠡᠨᠡ ᠵᠢᠯ ᠨᠢᠭᠡᠨᠲᠡ 63.46 ᠲᠦᠮᠡᠨ ᠮᠦ ᠠᠮᠢ ᠠᠬᠤᠢ ᠶᠢᠨ ᠵᠠᠰᠠᠯᠲᠠ ᠶᠢ ᠪᠡᠶᠡᠯᠡᠭᠦᠯᠦᠭᠰᠡᠨ ᠪᠠᠶᠢᠨ᠎ᠠ᠃      ᠡᠨᠡ ᠵᠢᠯ ᠠᠴᠠ ᠨᠠᠰᠢ᠂ ᠮᠠᠨ ᠤ ᠬᠤᠲᠠ ᠰᠢᠨᠵᠢᠯᠡᠬᠦ ᠤᠬᠠᠭᠠᠨ ᠮᠡᠷᠭᠡᠵᠢᠯ ᠢᠶᠠᠷ ᠡᠯᠡᠰᠦ ᠶᠢ ᠵᠠᠰᠠᠬᠤ᠂ ᠠᠵᠤ ᠦᠢᠯᠡᠰ ᠢᠶᠠᠷ ᠡᠯᠡᠰᠦ ᠶᠢ ᠵᠠᠰᠠᠬᠤ᠂ ᠬᠠᠤᠯᠢ ᠶᠣᠰᠣᠭᠠᠷ ᠡᠯᠡᠰᠦ ᠶᠢ ᠵᠠᠰᠠᠬᠤ᠂ ᠪᠥᠬᠦ ᠠᠷᠠᠳ ᠢᠶᠠᠷ ᠢᠶᠠᠨ ᠡᠯᠡᠰᠦ ᠶᠢ ᠵᠠᠰᠠᠬᠤ ᠶᠢ ᠪᠠᠷᠢᠮᠲᠠᠯᠠᠵᠤ᠂ ᠲᠤᠬᠠᠶ ᠶᠢᠨ ᠭᠠᠵᠠᠷ ᠲᠤᠨᠢ ᠮᠠᠲ᠋ᠧᠷᠢᠶᠠᠯ ᠠᠪᠬᠤ᠂ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠦᠨᠡᠨᠬᠦ ᠠᠬᠢᠭᠤᠯᠵᠤ᠂ ᠪᠥᠬᠦ ᠶᠠᠪᠤᠴᠠ ᠶᠢᠨ ᠮᠠᠰᠢᠨᠴᠢᠯᠠᠭᠰᠠᠨ ᠠᠵᠢᠯ ᠢ ᠶᠡᠬᠡᠪᠡᠷ ᠳᠡᠯᠭᠡᠷᠡᠭᠦᠯᠵᠦ᠂ ᠲᠥᠷᠥᠯ ᠵᠦᠢᠯ ᠢ ᠬᠡᠷᠡᠭᠵᠢᠭᠦᠯᠬᠦ ᠠᠴᠠ ᠡᠮᠦᠨ᠎ᠡ᠂ ᠳᠤᠮᠳᠠ᠂ ᠬᠤᠶᠢᠨᠠᠬᠢ 11 ᠪᠣᠭᠤᠮᠲᠠ ᠶᠢ ᠴᠢᠩᠭ᠎ᠠ ᠠᠳᠬᠤᠵᠤ᠂ ᠪᠥᠬᠦ ᠵᠢᠯ ᠤᠨ ᠣᠶ ᠰᠢᠭᠤᠶ ᠡᠪᠡᠰᠦ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠪᠠᠷ ᠴᠢᠷᠮᠠᠶᠢᠵᠤ ᠪᠠᠶᠢᠨ᠎ᠠ᠃ ᠡᠭᠦᠨ ᠤ ᠬᠠᠮᠲᠤ ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ 2 ᠳ᠋ᠤᠭᠠᠷ ᠰᠠᠷ᠎ᠠ ᠶᠢᠨ ᠬᠤᠷᠢᠳ ᠠᠴᠠ ᠨᠠᠰᠢ᠂ ᠬᠡᠷᠡᠯ ᠸᠣᠯᠲ + ᠠᠮᠢ ᠠᠬᠤᠶ ᠶᠢ ᠵᠠᠰᠠᠬᠤ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠲᠠᠴᠢᠷᠳᠠᠭᠰᠠᠨ ᠨᠤᠭᠤ ᠭᠠᠵᠠᠷ ᠢ ᠰᠡᠷᠭᠦᠭᠡᠬᠦ᠂ ᠢᠨᠵᠧᠨᠧᠷᠢᠩ ᠢᠶᠠᠷ ᠡᠯᠡᠰᠦ ᠶᠢ ᠲᠣᠭᠲᠠᠪᠤᠷᠢᠵᠢᠭᠤᠯᠬᠤ᠂ ᠠᠭᠤᠯᠠ ᠶᠢ ᠪᠢᠲᠡᠭᠦᠮᠵᠢᠯᠡᠨ ᠣᠶᠢᠵᠢᠭᠤᠯᠬᠤ ᠵᠡᠷᠭᠡ ᠲᠥᠷᠥᠯ ᠵᠦᠢᠯ ᠢ ᠨᠢᠭᠡᠨᠲᠡ ᠪᠥᠬᠦ ᠲᠠᠯ᠎ᠠ ᠪᠠᠷ ᠡᠬᠢᠯᠡᠭᠦᠯᠪᠡ᠃ 5 ᠰᠠᠷ᠎ᠠ ᠶᠢᠨ 6 ᠤ ᠡᠳᠦᠷ ᠪᠣᠯᠲᠠᠯ᠎ᠠ᠂ ᠨᠢᠭᠡᠨᠲᠡ 63.46 ᠲᠦᠮᠡᠨ ᠮᠦ ᠠᠮᠢ ᠠᠬᠤᠢ ᠶᠢᠨ ᠵᠠᠰᠠᠯᠲᠠ ᠶᠢ ᠪᠡᠶᠡᠯᠡᠭᠦᠯᠪᠡ᠂ ᠡᠭᠦᠨ ᠳᠤ᠂ ᠰᠢᠨ᠎ᠡ ᠪᠠᠷ ᠵᠠᠰᠠᠭᠰᠠᠨ 60.64 ᠲᠦᠮᠡᠨ ᠮᠦ ᠪᠠᠶᠢᠵᠤ᠂ 2.82 ᠲᠦᠮᠡᠨ ᠮᠦ ᠦᠷ᠎ᠡ ᠪᠦᠲᠦᠭᠡᠯ ᠢ ᠪᠠᠬᠢᠵᠢᠭᠦᠯᠪᠡ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ