ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠬᠠᠩᠭᠢᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠰᠦᠨ ᡁᠢ ᠭᠠᠩ᠄ ᠥᠪᠥᠷ ᠮᠣᠩᠭᠤᠯ ᠤᠨ ᠪᠠᠷᠠᠭᠤᠨ ᠬᠡᠰᠡᠭ ᠤᠨ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠥᠯᠢᠭᠡᠷ ᠳᠠᠭᠤᠷᠢᠶᠠᠯ ᠣᠷᠣᠨ ᠢ ᠪᠣᠶ ᠪᠣᠯᠭᠠᠨ᠎ᠠ
ᠨᠡᠶᠢᠲᠡᠯᠡᠭᠰᠡᠨ ᠴᠠᠭ᠄
2025/5/24
      ᠣᠶᠢᠷ᠎ᠠ ᠶᠢᠨ ᠵᠢᠯ ᠠᠴᠠ ᠨᠠᠰᠢ᠂ ᠬᠠᠩᠭᠢᠨ ᠬᠤᠶᠢᠲᠤ ᠬᠤᠰᠢᠭᠤᠨ ᠤ ᠬᠢᠨ ᠶᠡᠷᠦᠩᠬᠡᠶ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠰᠢᠶᠠᠨ ᠤ ᠬᠡᠪᠴᠢᠶᠡᠨ ᠤ ᠥᠭᠡᠷᠡᠴᠢᠯᠡᠯᠲᠡ ᠶᠢ ᠳᠥᠯᠭᠢᠨ ᠠᠬᠢᠭᠤᠯᠵᠤ᠂ ᠬᠥᠭᠵᠢᠯᠲᠡ ᠶᠢᠨ ᠪᠣᠭᠤᠮᠢ ᠶᠢ ᠲᠠᠰᠤᠷᠠᠯᠲᠠ ᠥᠬᠡᠶ ᠰᠢᠪᠲᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤ ᠬᠠᠩᠭᠢᠨ ᠬᠤᠶᠢᠲᠤ ᠬᠤᠰᠢᠭᠤᠨ ᠤ ᠴᠣ ᠰᠢᠨ᠎ᠡ ᠬᠠᠭᠤᠳᠠᠰᠤ ᠶᠢ ᠴᠢᠷᠮᠠᠶᠢᠨ ᠵᠢᠷᠤᠭᠯᠠᠪᠠ᠃ 2025 ᠣᠨ ᠳᠤ᠂ ᠬᠠᠩᠭᠢᠨ ᠬᠤᠶᠢᠲᠤ ᠬᠤᠰᠢᠭᠤᠨ ᠤ ᠬᠢᠨ ᠰᠢᠶᠠᠨ ᠤ ᠬᠡᠪᠴᠢᠶᠡᠨ ᠤ ᠠᠵᠤ ᠠᠬᠤᠶ ᠶᠢᠨ ᠬᠥᠭᠵᠢᠯᠲᠡ ᠶᠢ ᠬᠡᠷᠬᠢᠨ ᠴᠢᠨᠠᠷ ᠰᠠᠶᠢᠲᠠᠶ ᠠᠬᠢᠭᠤᠯᠬᠤ ᠪᠣᠶ︖ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠬᠠᠩᠭᠢᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠰᠦᠨ ᡁᠢ ᠭᠠᠩ ᠢᠯᠡᠷᠬᠡᠶᠢᠯᠡᠬᠦ ᠳᠡᠭᠡᠨ᠂ 2025 ᠣᠨ ᠳᠤ᠂ ᠬᠠᠩᠭᠢᠨ ᠬᠤᠶᠢᠲᠤ ᠬᠤᠰᠢᠭᠤᠨ ᠤ ᠬᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠳᠠᠮᠵᠢᠭᠤᠯᠤᠨ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠬᠤᠲᠠ ᠬᠥᠳᠡᠭᠡ ᠶᠢᠨ ᠠᠭᠤᠰᠤᠯᠴᠠᠯ ᠢ ᠨᠢᠭᠡᠳᠦᠯᠲᠡᠶ ᠲᠥᠯᠥᠪᠯᠡᠵᠦ᠂ ︽ᠬᠡᠪᠴᠢᠶᠡᠵᠢᠭᠰᠡᠨ᠂ ᠠᠵᠤ ᠦᠶᠢᠯᠡᠰᠵᠢᠭᠰᠡᠨ᠂ ᠨᠠᠷᠠᠲᠤ ᠲᠡᠮᠳᠡᠭᠵᠢᠭᠰᠡᠨ᠂ ᠲᠡᠩᠴᠡᠭᠦᠷᠢᠵᠢᠭᠦᠯᠬᠦ︾ ᠶᠢ ᠴᠢᠩᠭ᠎ᠠ ᠠᠳᠬᠤᠵᠤ᠂ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠳᠠᠶᠢᠴᠢᠯᠠᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠦᠨ᠎ᠡ ᠭᠡᠵᠡᠶ᠃      ᠬᠡᠪᠴᠢᠶᠡᠵᠢᠭᠦᠯᠦᠯᠲᠡ ᠶᠢ ᠬᠦᠴᠦᠲᠡᠶ ᠠᠳᠬᠤᠵᠤ᠂ ᠰᠢᠶᠠᠨ ᠤ ᠬᠡᠪᠴᠢᠶᠡᠨ ᠤ ᠠᠵᠤ ᠠᠬᠤᠶ ᠶᠢ ︽ᠲᠠᠷᠠᠬᠠᠶ︾ ᠪᠠᠶᠢᠭᠰᠠᠨ ᠠᠴᠠ ︽ᠲᠥᠪᠯᠡᠷᠡᠭᠦᠯᠬᠦ︾ ᠪᠣᠯᠭᠠᠨ ᠬᠤᠪᠢᠷᠠᠭᠤᠯᠬᠤ ᠶᠢ ᠠᠬᠢᠭᠤᠯᠤᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠪᠤᠶᠢᠵᠢᠭᠤᠯᠬᠤ ᠶᠢ ᠶᠡᠬᠡᠪᠡᠷ ᠳᠡᠮᠵᠢᠵᠦ᠂ ᠲᠠᠷᠢᠶᠠᠯᠠᠩ ᠮᠠᠯ ᠠᠵᠤ ᠠᠬᠤᠶ ᠶᠢᠨ ᠥᠪᠡᠷ ᠤᠨ ᠥᠷᠲᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠲᠣᠰᠬᠤᠨ ᠤ ᠨᠠᠮ ᠤᠨ ᠡᠭᠦᠷ ᠤᠨ ᠳᠠᠭᠠᠭᠤᠯᠭ᠎ᠠ ᠳᠣᠣᠷ᠎ᠠ᠂ ︽ᠨᠢᠭᠡᠳᠦᠯᠲᠡᠢ ᠲᠠᠷᠢᠵᠤ ᠬᠠᠮᠲᠤ ᠪᠠᠷ ᠪᠠᠶᠠᠵᠢᠬᠤ︾ ᠡᠵᠡᠩᠨᠡᠯᠲᠡ ᠶᠢᠨ ᠵᠠᠭᠪᠤᠷ ᠢ ᠳᠡᠯᠭᠡᠷᠡᠭᠦᠯᠵᠦ᠂ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠦᠢᠯᠡᠰ ᠤᠨ ᠦᠷᠳᠡᠭ ᠨᠡᠮᠡᠭᠳᠡᠯ ᠤᠨ ᠠᠰᠢᠭ ᠣᠯᠵᠠᠪᠤᠷᠢ ᠶᠢ ᠲᠠᠷᠢᠶᠠᠴᠢᠳ ᠲᠤ ᠨᠡᠩ ᠢᠯᠡᠭᠦᠦ ᠦᠯᠡᠳᠡᠭᠡᠵᠦ ᠥᠭᠬᠦ ᠬᠡᠷᠡᠭᠲᠡᠢ᠃      ᠠᠵᠤ ᠦᠢᠯᠡᠰᠵᠢᠯᠲᠡ ᠶᠢ ᠬᠦᠴᠦᠲᠡᠶ ᠠᠳᠬᠤᠵᠤ᠂ ᠰᠢᠶᠠᠨ ᠤ ᠬᠡᠪᠴᠢᠶᠡᠨ ᠤ ᠠᠵᠤ ᠠᠬᠤᠢ ᠶᠢ ︽ᠪᠦᠳᠦᠭᠦᠯᠢᠭ︾ ᠪᠠᠶᠢᠭᠰᠠᠨ ᠠᠴᠠ ︽ᠰᠢᠯᠢᠳᠡᠭ︾ ᠪᠣᠯᠭᠠᠨ ᠬᠤᠪᠢᠷᠠᠭᠤᠯᠬᠤ ᠶᠢ ᠠᠬᠢᠭᠤᠯᠤᠨ᠎ᠠ᠃ ᠲᠠᠷᠢᠶᠠᠯᠠᠩ ᠳᠤ ᠬᠤᠯᠪᠣᠭᠳᠠᠬᠤ ᠠᠵᠤ ᠠᠬᠤᠶᠢᠯᠠᠯ᠂ ᠬᠤᠷᠰᠢᠶ᠎ᠠ ᠵᠡᠷᠭᠡ ᠡᠵᠡᠩᠨᠡᠯᠲᠡ ᠶᠢᠨ ᠭᠤᠤᠯ ᠴᠣᠭᠴᠠ ᠶᠢ ᠳᠡᠮᠵᠢᠵᠦ᠂ ᠡᠯ᠎ᠡ ᠲᠥᠷᠥᠯ ᠤᠨ ᠣᠨᠴᠠᠯᠢᠭᠲᠤ ᠠᠵᠤ ᠦᠢᠯᠡᠰ ᠤᠨ ᠬᠦᠷᠢᠶᠡᠯᠡᠩ ᠲᠣᠭᠤᠷᠢᠭ ᠢ 8 ᠠᠴᠠ ᠳᠡᠭᠡᠭᠰᠢ ᠪᠥᠲᠥᠭᠡᠨ ᠪᠠᠶᠢᠭᠤᠯᠵᠤ᠂ ︽ᠳᠠᠷᠢᠵᠤ ᠲᠡᠵᠢᠭᠡᠬᠦ ᠡᠳ᠋ᠰᠢᠭᠦᠯᠬᠦ  ᠦᠢᠯᠡᠳᠪᠦᠷᠢᠯᠡᠬᠦ ᠬᠠᠩᠭᠠᠨ ᠪᠣᠷᠣᠯᠠᠭᠤᠯᠬᠤ︾ ᠪᠥᠬᠦ ᠬᠡᠯᠬᠢᠶ᠎ᠡ ᠪᠠᠷ ᠬᠦᠴᠦᠯᠡᠵᠦ᠂ ᠪᠣᠭᠤᠳᠠᠶ᠂ ᠡᠷᠳᠡᠨᠢ ᠰᠢᠰᠢ᠂ ᠨᠡᠷᠡᠨ ᠬᠤᠸᠠᠷ ᠵᠡᠷᠭᠡ ᠴᠢᠨᠠᠷ ᠰᠠᠶᠢᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠡᠬᠢ ᠪᠠᠶᠠᠯᠢᠭ ᠢ ᠦᠷᠭᠦᠯᠵᠢᠯᠡᠨ ᠠᠵᠤ  ᠦᠢᠯᠡᠰ ᠤᠨ ᠳᠠᠪᠠᠭᠤᠯᠢᠭ ᠪᠣᠯᠭᠠᠨ ᠬᠤᠪᠢᠷᠠᠭᠤᠯᠵᠤ ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃      ᠲᠦᠷᠦᠯ ᠳᠡᠮᠳᠡᠭᠴᠢᠯᠡᠬᠦ ᠶᠢ ᠴᠢᠩᠭ᠎ᠠ ᠠᠳᠬᠤᠵᠤ᠂ ᠰᠢᠶᠠᠨ ᠤ ᠬᠡᠪᠴᠢᠶᠡᠨ ᠤ ᠠᠵᠤ ᠠᠬᠤᠢ ᠶᠢ ︽ᠳᠣᠤᠷ᠎ᠠ︾ ᠠᠴᠠ ︽ᠥᠨᠳᠥᠷ︾ ᠪᠣᠯᠭᠠᠨ ᠬᠤᠪᠢᠷᠠᠭᠤᠯᠬᠤ ᠶᠢ ᠠᠬᠢᠭᠤᠯᠤᠨ᠎ᠠ᠃ ︽ᠲᠡᠭᠷᠢ ᠶᠢᠨ ᠬᠡᠰᠢᠭᠲᠦ ᠪᠣᠷᠣᠲᠣᠬᠤᠶ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠲᠤ ᠲᠦᠰᠢᠭᠯᠡᠨ᠂ ︽ᠱᠠᠮᠪᠠ ᠶᠢᠨ ᠦᠨᠦᠷ ᠠᠮᠲᠠ︾ ᠨᠠᠷᠠᠲᠤ ᠲᠡᠮᠳᠡᠭ ᠢ ᠰᠡᠷᠭᠦᠭᠡᠵᠦ᠂ ᠬᠤᠸᠠ ᠾᠧᠩ ᠠᠮᠢᠳᠤ ᠪᠣᠳᠠᠰ᠂ ᠰᠢᠤᠢ ᠢ ᠰᠦ ᠶᠢᠨ ᠦᠢᠯᠡᠰ ᠵᠡᠷᠭᠡ ᠨᠠᠷᠠᠲᠤ ᠲᠡᠮᠳᠡᠭᠲᠦ ᠶᠢᠨ ᠠᠯᠳᠠᠷᠰᠢᠯ᠂ ᠠᠯᠳᠠᠷᠰᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠥᠨᠳᠥᠷ ᠬᠢᠷᠢ ᠲᠦᠪᠰᠢᠨ ᠲᠠᠢ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃      ᠠᠳᠠᠯᠢ ᠲᠡᠭᠰᠢ ᠪᠣᠯᠭᠠᠬᠤ ᠶᠢ ᠬᠦᠴᠦᠲᠡᠶ ᠠᠳᠬᠤᠵᠤ᠂ ᠰᠢᠶᠠᠨ ᠤ ᠬᠡᠪᠴᠢᠶᠡᠨ ᠤ ᠠᠵᠤ ᠠᠬᠤᠶ ᠶᠢ ︽ᠬᠤᠪᠢᠶᠠᠬᠤ︾ ᠠᠴᠠ ︽ᠨᠢᠭᠡᠳᠬᠡᠬᠦ︾ ᠳᠠᠰᠢ ᠬᠤᠪᠢᠷᠠᠭᠤᠯᠬᠤ ᠶᠢ ᠠᠬᠢᠭᠤᠯᠤᠨ᠎ᠠ᠃ ᠬᠠᠩᠭᠢᠨ ᠬᠤᠶᠢᠲᠤ ᠬᠤᠰᠢᠭᠤᠨ ᠤ ᠬᠤᠲᠠ ᠬᠥᠳᠡᠭᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ᠂ ᠴᠡᠴᠡᠷᠯᠢᠭ᠂ ᠤᠰᠤ ᠬᠠᠩᠭᠠᠬᠤ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠦᠷᠭᠦᠯᠵᠢᠯᠡᠨ ᠪᠣᠳᠠᠲᠠᠶ ᠠᠳᠬᠤᠪᠠ᠃ ᠬᠤᠲᠠ ᠪᠠᠯᠭᠠᠰᠤ ᠶᠢᠨ ᠴᠢᠨᠠᠷ ᠳᠡᠰ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠳᠤᠲᠠᠭᠤᠳᠠᠯ ᠢ ᠨᠥᠬᠦᠪᠥᠷᠢᠯᠡᠵᠦ᠂ ᠰᠤᠷᠭᠠᠨ ᠬᠥᠮᠦᠵᠢᠯ᠂ ᠡᠮ ᠡᠮᠨᠡᠯᠭᠡ᠂ ᠣᠯᠠᠨ ᠨᠡᠶᠢᠲᠡ ᠶᠢᠨ ᠦᠢᠯᠡᠴᠢᠯᠡᠭᠡ ᠶᠢ ᠲᠡᠩᠴᠡᠭᠦᠷᠢᠰᠢᠭᠦᠯᠦᠨ ᠬᠥᠭᠵᠢᠭᠦᠯᠬᠦ ᠶᠢ ᠠᠬᠢᠭᠤᠯᠵᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠥᠪᠥᠷ ᠮᠣᠩᠭᠤᠯ ᠤᠨ ᠪᠠᠷᠠᠭᠤᠨ ᠣᠷᠣᠨ ᠤ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠥᠯᠢᠭᠡᠷ ᠳᠠᠭᠤᠷᠢᠶᠠᠯ ᠣᠷᠣᠨ ᠢ ᠪᠣᠶ ᠪᠣᠯᠭᠠᠨ᠎ᠠ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ