︽ᠵᠢᠷᠭᠤᠭᠠᠨ ᠠᠵᠢᠯᠯᠠᠭᠠᠨ︾ — ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠨᠡᠶᠢᠭᠡᠮᠯᠢᠭ ᠤᠨ ᠠᠵᠢᠯ ᠣᠯᠭᠤᠯᠲᠠ ᠶᠢᠨ ᠠᠩᠬᠠᠳᠠᠭᠴᠢ ᠦᠢᠯᠡᠴᠢᠯᠡᠭᠡᠨ ᠤ ᠥᠷᠲᠡᠭᠡ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2025/5/24
      ᠣᠶᠢᠷ᠎ᠠ ᠳᠤ᠂ ᠬᠤᠲᠣᠩ ᠠᠷᠠᠳ ᠤᠨ ᠲᠣᠭᠤᠷᠢᠭ ︽ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠨᠥᠬᠦᠴᠡᠯ ᠢ ᠪᠣᠶ ᠪᠣᠯᠭᠠᠵᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠶ᠎ᠡ︾ ᠭᠡᠬᠦ ᠰᠠᠭᠤᠳᠠᠯ ᠤᠨ ᠬᠤᠷᠠᠯ ᠬᠤᠷᠠᠯᠳᠤᠭᠤᠯᠤᠭᠰᠠᠨ ᠪᠥᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠨᠡᠶᠢᠭᠡᠮᠯᠢᠭ ᠤᠨ ᠠᠵᠢᠯ ᠣᠯᠭᠤᠯᠲᠠ ᠶᠢᠨ ᠠᠩᠬᠠᠳᠠᠭᠴᠢ ᠦᠢᠯᠡᠴᠢᠯᠡᠭᠡᠨ ᠤ ᠥᠷᠲᠡᠭᠡ ᠶᠢᠨ ᠫᠠᠶᠢᠰᠠ ᠶᠢ ᠰᠡᠬᠦᠪᠡ᠃ ᠲᠣᠰ ᠤᠳᠠᠭᠠᠨ ᠤ ᠠᠵᠢᠯᠯᠠᠭ᠎ᠠ ᠨᠢ ︽ᠵᠢᠷᠭᠤᠭᠠᠨ ᠠᠵᠢᠯᠯᠠᠭᠠᠨ︾ ᠤ ᠤᠷᠢᠶᠠᠯᠠᠭ᠎ᠠ ᠶᠢ ᠢᠳᠡᠪᠬᠢᠲᠡᠢ ᠳᠠᠭᠠᠵᠤ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭᠠᠨ ᠪᠠ ᠠᠵᠤ ᠠᠬᠤᠶᠢᠯᠠᠯ ᠢ ᠲᠤᠰᠠᠯᠠᠬᠤ ᠠᠵᠢᠯᠯᠠᠭᠠᠨ ᠤ ᠲᠣᠭᠤᠷᠢᠨ ᠳᠤ ᠥᠷᠨᠢᠭᠦᠯᠵᠦ᠂ ᠣᠷᠣᠨ ᠪᠦᠰᠡ ᠶᠢᠨ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠪᠠ ᠠᠵᠢᠯ ᠣᠯᠭᠤᠯᠲᠠ ᠶᠢᠨ ᠠᠵᠢᠯ ᠳᠤ ᠰᠢᠨ᠎ᠡ ᠬᠦᠳᠡᠯᠭᠡᠭᠴᠢ ᠬᠦᠴᠦᠨ ᠨᠡᠮᠡᠷᠢᠯᠡᠪᠡ᠃      ᠰᠠᠭᠤᠳᠠᠯ ᠤᠨ ᠬᠤᠷᠠᠯ ᠢᠶᠠᠷ᠂ ᠬᠤᠷᠠᠯ ᠳᠤ ᠣᠷᠣᠯᠴᠠᠭᠰᠠᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠥᠯᠥᠭᠡᠯᠡᠭᠴᠢ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠠᠵᠢᠯᠲᠠᠳ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠬᠡᠷᠬᠢᠨ ᠰᠢᠯᠢᠳᠡᠭᠵᠢᠭᠦᠯᠬᠦ᠂ ᠴᠢᠳᠠᠪᠤᠷᠢᠲᠠᠨ ᠢ ᠲᠠᠲᠠᠵᠤ ᠴᠢᠳᠠᠪᠤᠷᠢᠲᠠᠨ ᠢ ᠬᠦᠮᠦᠵᠢᠭᠦᠯᠬᠦ ᠪᠠᠨ ᠳᠡᠭᠡᠭᠰᠢᠯᠡᠭᠦᠯᠬᠦ᠂ ᠪᠡᠯᠡ ᠲᠣᠬᠢᠷᠠᠭᠤᠯᠬᠤ ᠪᠠ ᠠᠵᠢᠯ ᠣᠯᠭᠤᠯᠲᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠲᠤᠬᠠᠢ ᠬᠥᠭᠵᠢᠶᠡᠨᠲᠡᠢ ᠶᠠᠷᠢᠯᠴᠠᠵᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠪᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠨᠡᠶᠢᠭᠡᠮᠯᠢᠭ ᠤᠨ ᠠᠵᠢᠯ ᠣᠯᠭᠤᠯᠲᠠ ᠶᠢᠨ ᠠᠩᠬᠠᠳᠠᠭᠴᠢ ᠦᠢᠯᠡᠴᠢᠯᠡᠭᠡᠨ ᠤ ᠥᠷᠲᠡᠭᠡ ᠶᠢᠨ ᠫᠠᠶᠢᠰᠠ ᠰᠡᠬᠦᠭᠰᠡᠨ ᠨᠢ ᠬᠤᠲᠣᠩ ᠠᠷᠠᠳ ᠤᠨ ᠲᠣᠭᠤᠷᠢᠭ ᠤᠨ ᠠᠷᠠᠳ ᠠᠴᠠ ᠡᠵᠡᠩᠨᠡᠭᠰᠡᠨ ᠠᠵᠤ ᠠᠬᠤᠢ ᠬᠢᠭᠡᠳ ᠠᠵᠢᠯ ᠣᠯᠭᠤᠯᠲᠠ ᠶᠢᠨ ᠬᠠᠮᠵᠢᠯᠴᠠᠨ ᠬᠥᠭᠵᠢᠬᠦ ᠶᠢ ᠠᠬᠢᠭᠤᠯᠬᠤ ᠲᠠᠯ᠎ᠠ ᠪᠠᠷ ᠴᠢᠬᠤᠯᠠ ᠨᠢᠭᠡ ᠠᠯᠬᠤᠮ ᠠᠯᠬᠤᠭᠰᠠᠨ ᠢ ᠬᠠᠷᠠᠭᠤᠯᠵᠤ ᠪᠠᠶᠢᠨ᠎ᠠ᠃ ᠲᠣᠰ ᠦᠢᠯᠡᠴᠢᠯᠡᠭᠡᠨ ᠤ ᠥᠷᠲᠡᠭᠡ ᠶᠢ ᠬᠤᠲᠣᠩ ᠠᠷᠠᠳ ᠤᠨ ᠲᠣᠭᠤᠷᠢᠭ ᠤᠨ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠨᠡᠶᠢᠭᠡᠮᠯᠢᠭ ᠬᠢᠭᠡᠳ ᠬᠤᠲᠣᠩ ᠠᠷᠠᠳ ᠤᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠠᠮᠲᠤᠷᠠᠨ ᠪᠠᠶᠢᠭᠤᠯᠵᠤ᠂ ᠬᠠᠤᠯᠢ ᠪᠠᠷ ᠵᠠᠰᠠᠬᠤ ᠪᠠᠲᠤᠯᠠᠭ᠎ᠠ ᠶᠢ ᠬᠡᠷᠡᠭᠯᠡᠨ᠂ ᠠᠵᠢᠯ ᠤᠨ ᠪᠠᠶᠢᠷᠢ ᠶᠢᠨ ᠬᠡᠷᠡᠭᠴᠡᠭᠡ ᠶᠢ ᠨᠠᠷᠢᠯᠢᠭ ᠣᠨᠣᠴᠠᠲᠠᠢ ᠪᠠᠷ ᠵᠣᠬᠢᠴᠠᠭᠤᠯᠵᠤ᠂ ᠣᠯᠠᠨ ᠲᠦᠮᠡᠨ ᠤ ︽ᠠᠵᠢᠯ ᠣᠯᠬᠤ ᠳᠤ ᠬᠦᠴᠢᠷᠳᠡᠵᠦ ᠪᠠᠶᠢᠭ᠎ᠠ︾ ᠪᠠ ᠠᠵᠤ ᠠᠬᠤᠶᠢᠯᠠᠯ ᠤᠨ ︽ᠬᠡᠷᠡᠭᠯᠡᠬᠦ ᠠᠵᠢᠯᠴᠢᠨ ᠬᠤᠮᠰᠠᠳᠠᠵᠤ ᠪᠠᠶᠢᠭ᠎ᠠ︾ ᠠᠰᠠᠭᠤᠳᠠᠯ ᠢ ᠰᠢᠢᠳᠪᠦᠷᠢᠯᠡᠬᠦ ᠪᠠᠷ ᠵᠣᠷᠢᠯᠭ᠎ᠠ ᠪᠣᠯᠭᠠᠭᠰᠠᠨ ᠶᠤᠮ᠃      ᠫᠠᠶᠢᠰᠠ ᠰᠡᠬᠦᠬᠦ ᠲᠤᠬᠠᠢ ᠶᠢᠨ ᠲᠠᠯᠠᠪᠠᠢ ᠳᠤ᠂ ᠤᠯᠠᠨ ᠰᠠᠯᠠᠭ᠎ᠠ ᠮᠥᠴᠢᠷ ᠬᠠᠮᠵᠢᠯᠴᠠᠨ ᠪᠦᠬᠦ ᠲᠠᠯ᠎ᠠ ᠶᠢᠨ ᠦᠢᠯᠡᠴᠢᠯᠡᠭᠡ ᠬᠠᠩᠭᠠᠪᠠ᠄ ᠬᠤᠲᠣᠩ ᠠᠷᠠᠳ ᠤᠨ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ︽ᠬᠥᠬᠡᠬᠤᠲᠠ ᠶᠢᠨ ᠴᠢᠳᠠᠪᠤᠷᠢᠲᠠᠨ ᠢᠶᠠᠷ ᠬᠤᠳᠠ ᠪᠠᠨ ᠬᠦᠴᠦᠷᠬᠡᠭᠵᠢᠭᠦᠯᠬᠦ 25 ᠵᠤᠷᠪᠤᠰ︾ ᠳᠤ ᠲᠠᠶᠢᠯᠤᠮᠵᠢ ᠬᠢᠵᠦ᠂ ᠠᠵᠤ ᠠᠬᠤᠶᠢᠯᠠᠯ ᠳᠤ ᠴᠢᠳᠠᠪᠤᠷᠢᠲᠠᠨ ᠤ ᠲᠦᠷᠦ ᠶᠢᠨ ᠪᠣᠳᠣᠯᠭ᠎ᠠ ᠶᠢ ᠣᠶᠢᠯᠠᠭᠠᠭᠤᠯᠵᠤ ᠲᠤᠰᠠᠯᠠᠪᠠ︔ ᠬᠤᠲᠣᠩ ᠠᠷᠠᠳ ᠤᠨ ᠲᠣᠭᠤᠷᠢᠭ ᠤᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠦᠨᠳᠦᠰᠦᠨ ᠱᠠᠲᠤᠨ ᠤ ᠰᠦᠯᠵᠢᠶ᠎ᠡ ᠶᠢ ᠠᠰᠢᠭᠯᠠᠨ ᠠᠵᠢᠯ ᠣᠯᠭᠤᠯᠲᠠ ᠶᠢᠨ ᠬᠦᠰᠡᠯ ᠱᠠᠭᠠᠷᠳᠠᠯᠭ᠎ᠠ ᠶᠢ ᠴᠤᠭᠯᠠᠭᠤᠯᠵᠤ᠂ ᠬᠥᠮᠥᠨ ᠪᠠ ᠠᠵᠢᠯ ᠤᠨ ᠪᠠᠶᠢᠷᠢ ᠶᠢᠨ ᠵᠣᠬᠢᠴᠠᠯᠳᠤᠯ ᠢ ᠠᠬᠢᠭᠤᠯᠪᠠ︔ ᠬᠤᠲᠣᠩ ᠠᠷᠠᠳ ᠤᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠢ ᠦᠢᠯᠡᠰ ᠴᠣᠭᠴᠠᠯᠠᠬᠤ ᠲᠠᠭᠠᠭᠠᠯᠳᠠᠳᠤ ᠵᠢᠭᠡᠯᠡᠯᠭᠡ᠂ ᠨᠡᠶᠢᠭᠡᠮ ᠤᠨ ᠪᠠᠲᠤᠯᠠᠭ᠎ᠠ ᠶᠢᠨ ᠨᠡᠮᠡᠭᠦᠷᠢ ᠵᠡᠷᠭᠡ ᠶᠢᠨ ᠲᠦᠷᠦ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠠ ᠦᠷᠭᠡᠳᠬᠡᠬᠦ ᠳᠤ ᠬᠦᠴᠦᠨ ᠨᠡᠮᠡᠷᠢᠯᠡᠪᠡ︔ ᠬᠤᠲᠣᠩ ᠠᠷᠠᠳ ᠤᠨ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠨᠢ ᠠᠵᠤ ᠦᠢᠯᠡᠰ ᠤᠨ ᠲᠦᠷᠦ ᠶᠢᠨ ᠪᠣᠳᠣᠯᠭ᠎ᠠ ᠳᠤ ᠴᠢᠭᠯᠡᠭᠦᠯᠦᠨ ᠵᠥᠪᠯᠡᠯᠭᠡ ᠥᠭᠴᠦ ᠵᠢᠭᠠᠨ ᠵᠢᠯᠤᠭᠤᠳᠴᠤ᠂ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠳᠤ ᠬᠦᠴᠦᠨ ᠣᠯᠭᠤᠪᠠ᠃
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ