ᠪᠠᠶᠠᠨᠨᠠᠭᠤᠷ ᠬᠤᠲᠠ ᠶᠢᠨ ᠭᠠᠭᠴᠠᠮᠣᠳᠣ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ
ᠨᠡᠶᠢᠲᠡᠯᠡᠭᠰᠡᠨ ᠴᠠᠭ᠄
2025/5/24
      ᠭᠤᠣᠯ ᠡᠭᠦᠷᠭᠡ ᠬᠠᠷᠢᠭᠤᠴᠠᠯᠭ᠎ᠠ      ︵ᠨᠢᠭᠡ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠣᠭᠤᠮᠲᠠ ᠶᠢ ᠪᠦᠲᠦᠭᠡᠨ ᠪᠠᠶᠢᠭᠤᠯᠬᠤ ᠴᠢᠭᠯᠡᠯᠲᠡ᠂ ᠲᠥᠷᠥ ᠶᠢᠨ ᠪᠣᠳᠣᠯᠭ᠎ᠠ ᠵᠢᠴᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠲᠥᠷᠥᠯ ᠢᠶᠠᠷ ᠢᠶᠠᠨ ᠪᠣᠭᠤᠮᠲᠠ ᠭᠠᠷᠭᠠᠬᠤ ᠠᠵᠢᠯ ᠤᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ︔      ︵ᠬᠤᠶᠠᠷ︶ ᠥᠪᠡᠷᠲᠡᠭᠡᠨ ᠵᠠᠰᠠᠬᠤ ᠣᠷᠣᠨ᠂ ᠬᠤᠲᠠ ᠠᠴᠠ ᠬᠠᠮᠢᠶᠠᠷᠤᠯᠲᠠ ᠶᠢᠨ ᠵᠥᠪᠯᠡᠯ ᠳᠤ ᠣᠯᠭᠤᠭᠰᠠᠨ ᠬᠠᠮᠢᠶᠠᠷᠤᠯᠲᠠ ᠪᠠ ᠬᠢᠨᠠᠨ ᠵᠥᠪᠰᠢᠶᠡᠷᠡᠬᠦ ᠡᠷᠬᠡ ᠮᠡᠳᠡᠯ ᠤᠨ ᠬᠡᠪᠴᠢᠶ᠎ᠡ ᠶᠢ ᠬᠡᠷᠡᠭᠵᠢᠭᠦᠯᠦᠨ᠎ᠡ︔      ︵ᠭᠤᠷᠪᠠ︶ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠭᠠᠭᠴᠠᠮᠣᠳᠣ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ ᠤᠨ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠲᠣᠭᠲᠠᠭᠠᠯ ᠢ ᠲᠣᠭᠲᠠᠭᠠᠵᠤ᠂ ᠵᠥᠪᠰᠢᠶᠡᠷᠡᠭᠦᠯᠦᠭᠰᠡᠨ ᠤ ᠳᠠᠷᠠᠭ᠎ᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔      ︵ᠲᠦᠷᠪᠡ︶ ᠭᠠᠭᠴᠠᠮᠣᠳᠣ ᠬᠢᠯᠢ ᠶᠢᠨ ᠪᠣᠭᠤᠮᠲᠠ ᠶᠢᠨ ᠶᠡᠷᠦᠩᠬᠡᠢ ᠬᠥᠭᠵᠢᠯᠲᠡ ᠶᠢᠨ ᠲᠥᠯᠥᠪᠵᠢᠭᠦᠯᠭᠡ ᠪᠠ ᠡᠯ᠎ᠡ ᠲᠤᠰᠬᠠᠢ ᠵᠦᠢᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠬᠠᠷᠢᠭᠤᠴᠠᠨ ᠨᠠᠶᠢᠷᠠᠭᠤᠯᠤᠨ ᠵᠣᠬᠢᠶᠠᠵᠤ᠂ ᠵᠥᠪᠰᠢᠶᠡᠷᠡᠭᠦᠯᠦᠭᠰᠡᠨ ᠤ ᠳᠠᠷᠠᠭ᠎ᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔      ︵ᠲᠠᠪᠤ︶ ᠪᠠᠶᠠᠨᠨᠠᠭᠤᠷ ᠤᠨ ᠳᠤᠮᠳᠠᠳᠤ ᠮᠣᠩᠭᠤᠯ ᠤᠨ ᠣᠯᠠᠨ ᠤᠯᠤᠰ ᠤᠨ ᠠᠷᠠᠯᠵᠢᠶ᠎ᠠ᠂ ᠰᠣᠶᠣᠯ ᠤᠨ ᠰᠣᠯᠢᠯᠴᠠᠭ᠎ᠠ ᠵᠡᠷᠭᠡ ᠶᠢ ᠬᠠᠮᠢᠶᠠᠷᠴᠤ ᠵᠣᠬᠢᠴᠠᠭᠤᠯᠬᠤ ᠠᠵᠢᠯ ᠢ ᠬᠠᠷᠢᠭᠤᠴᠠᠨ᠎ᠠ︔      ︵ᠵᠢᠷᠭᠤᠭ᠎ᠠ︶ ᠪᠣᠭᠤᠮᠲᠠ ᠶᠢᠨ ᠠᠵᠤ ᠠᠬᠤᠶᠢᠯᠠᠯ ᠢ ᠬᠠᠮᠢᠶᠠᠷᠴᠤ ᠵᠣᠬᠢᠴᠠᠭᠤᠯᠬᠤ ᠪᠠ ᠦᠢᠯᠡᠴᠢᠯᠡᠨ᠎ᠡ      ︵ᠳᠤᠯᠤᠭ᠎ᠠ︶ ᠳᠡᠭᠡᠳᠦ ᠱᠠᠲᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ᠂ ᠲᠣᠮᠢᠯᠠᠨ ᠰᠠᠭᠤᠯᠭᠠᠭᠰᠠᠨ ᠭᠠᠵᠠᠷ ᠤᠨ ᠵᠠᠰᠠᠭ ᠤᠨ ᠣᠷᠳᠣᠨ᠂ ᠰᠠᠯᠠᠭ᠎ᠠ ᠮᠥᠴᠢᠷ ᠵᠢᠴᠢ ᠬᠠᠮᠢᠶ᠎ᠠ ᠪᠥᠬᠦᠶ ᠨᠢᠭᠡᠴᠡ ᠯᠦᠭᠡ ᠶᠢᠨ ᠨᠡᠪᠲᠡᠷᠡᠯᠴᠡᠨ ᠬᠠᠷᠢᠯᠴᠠᠬᠤ ᠪᠠ ᠵᠣᠬᠢᠴᠠᠭᠤᠯᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠬᠠᠮᠢᠶᠠᠷᠤᠯᠲᠠ ᠶᠢᠨ ᠵᠥᠪᠯᠡᠯ ᠤᠨ ᠬᠠᠮᠢᠶ᠎ᠠ ᠪᠥᠬᠦᠶ ᠨᠡᠶᠢᠭᠡᠮ ᠤᠨ ᠬᠠᠮᠢᠶᠠᠷᠤᠯᠲᠠ ᠪᠠ ᠨᠡᠶᠢᠭᠡᠮ ᠤᠨ ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠭᠦᠢᠴᠡᠳᠬᠡᠨ᠎ᠡ᠃      ︵ᠨᠠᠢᠮᠠ︶ ᠪᠠᠶᠠᠨᠨᠠᠭᠤᠷ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠵᠦᠢᠯᠡᠰ ᠢ ᠳᠠᠭᠠᠭᠠᠨ ᠠᠪᠴᠤ ᠭᠦᠢᠴᠡᠳᠬᠡᠨ᠎ᠡ       ︽ᠭᠠᠭᠴᠠᠮᠣᠳᠣ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠪᠠᠶᠢᠭᠤᠯᠤᠯ ᠢ ᠵᠢᠷᠤᠮᠵᠢᠭᠤᠯᠵᠤ ᠪᠣᠭᠤᠮᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠰᠠᠨᠠᠯ︾ ︵ᠪᠠᠶᠠᠨᠨᠠᠭᠤᠷ ᠵᠠᠰᠠᠭ ᠲᠠᠷᠬᠠᠭᠠᠭᠰᠠᠨ ︹2021︺ 17 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠳᠤ ᠲᠣᠳᠣᠷᠬᠠᠶ ᠲᠣᠭᠲᠠᠭᠠᠭᠰᠠᠨ ᠨᠢ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠷᠬᠡ ᠣᠯᠭᠤᠭᠰᠠᠨ ᠪᠤᠶᠤ ᠨᠠᠶᠢᠳᠠᠯᠭ᠎ᠠ ᠶᠢ ᠦᠨᠳᠦᠰᠦᠯᠡᠨ᠂ ᠪᠣᠭᠤᠮᠲᠠ ᠶᠢᠨ ᠨᠠᠮ ᠤᠨ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠬᠥᠭᠵᠢᠯᠲᠡ ᠶᠢᠨ ᠲᠥᠯᠥᠪᠵᠢᠭᠦᠯᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠵᠡᠷᠭᠡ ᠬᠠᠮᠢᠶᠠᠷᠤᠯᠲᠠ ᠪᠠ ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠭᠦᠢᠴᠡᠳᠬᠡᠨ᠎ᠡ︔ ᠠᠵᠤ ᠠᠬᠤᠶ ᠶᠢᠨ ᠬᠠᠮᠢᠶᠠᠷᠤᠯᠲᠠ᠂ ᠪᠡᠯᠡ ᠣᠷᠣᠭᠤᠯᠤᠯᠲᠠ ᠶᠢᠨ ᠦᠢᠯᠡᠴᠢᠯᠡᠭᠡ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ︔ ᠳᠤᠮᠳᠠᠳᠤ ᠮᠣᠩᠭᠤᠯ ᠤᠨ ᠠᠷᠠᠯᠵᠢᠶ᠎ᠠ᠂ ᠬᠠᠷᠢᠶ᠎ᠠ ᠭᠠᠵᠠᠷ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠵᠢᠴᠢ ᠪᠣᠭᠤᠮᠲᠠ ᠳᠤ ᠰᠠᠭᠤᠭ᠎ᠠ ᠬᠠᠮᠢᠶ᠎ᠠ ᠪᠥᠬᠦᠶ ᠨᠢᠭᠡᠴᠡ ᠯᠦᠭᠡ ᠶᠢᠨ ᠨᠡᠪᠲᠡᠷᠡᠯᠴᠡᠭᠡ ᠬᠠᠷᠢᠯᠴᠠᠭ᠎ᠠ ᠪᠠ ᠵᠣᠬᠢᠴᠠᠭᠤᠯᠭ᠎ᠠ ᠶᠢ ᠬᠠᠷᠢᠭᠤᠴᠠᠨ᠎ᠠ︔ ᠪᠣᠭᠤᠮᠲᠠ ᠶᠢᠨ ᠠᠵᠤ ᠠᠬᠤᠶᠢᠯᠠᠯ ᠢ ᠬᠢᠨᠠᠨ ᠬᠠᠮᠢᠶᠠᠷᠬᠤ᠂ ᠵᠣᠬᠢᠴᠠᠭᠤᠯᠬᠤ ᠪᠠ ᠦᠢᠯᠡᠴᠢᠯᠡᠬᠦ ᠶᠢ ᠬᠠᠷᠢᠭᠤᠴᠠᠨ᠎ᠠ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ