4 ᠰᠠᠷ᠎ᠠ ᠶᠢᠨ 9 ᠤ ᠡᠳᠦᠷ᠂ ︽ᠪᠠᠶᠠᠨᠨᠠᠭᠤᠷ ᠤᠨ ᠠᠮᠲᠠᠲᠤ ᠢᠳᠡᠭᠡᠨ ᠤ ᠠᠶᠠᠯᠠᠯ · ᠬᠤᠸᠠ ᠷᠦᠨ ᠬᠤᠸᠠᠷ ᠫᠤᠤᠵᠢᠩ ᠤᠨ ᠪᠠᠶᠢᠳᠠᠯ︾ ᠴᠢᠨᠠᠷ ᠰᠠᠶᠢᠲᠠᠢ | ᠲᠠᠷᠢᠶᠠᠯᠠᠩ ᠤᠨ ᠭᠠᠷᠤᠯᠲᠠ ᠶᠢ ᠲᠠᠨᠢᠯᠴᠠᠭᠤᠯᠬᠤ ᠵᠢᠴᠢ ᠠᠮᠲᠠᠲᠤ ᠢᠳᠡᠭᠡᠨ ᠢ ᠪᠡᠶᠡᠴᠢᠯᠡᠨ ᠣᠶᠢᠯᠠᠭᠠᠬᠤ ᠠᠵᠢᠯᠯᠠᠭ᠎ᠠ ᠱᠧᠨᠵᠧᠨ ᠤ ᠬᠤᠸᠠ ᠷᠦᠨ ᠪᠦᠯᠦᠭᠯᠡᠯ ᠳᠤ ᠶᠠᠪᠤᠭᠳᠠᠪᠠ᠃ | ᠠᠵᠢᠯᠯᠠᠭ᠎ᠠ ᠨᠢ ᠦᠢᠯᠡᠳᠬᠦᠨ ᠤ ᠳᠡᠯᠭᠡᠨ ᠪᠣᠷᠣᠯᠠᠭᠤᠯᠤᠯᠲᠠ᠂ ᠠᠮᠲᠠᠲᠤ ᠢᠳᠡᠭᠡᠨ ᠢ ᠰᠢᠯᠭᠠᠨ ᠦᠨᠡᠯᠡᠬᠦ ᠵᠢᠴᠢ ᠠᠵᠤ ᠠᠬᠤᠶ ᠠᠷᠠᠯᠵᠢᠶᠠᠨ ᠤ ᠵᠥᠪᠳᠡᠯᠴᠡᠭᠡ ᠬᠢᠬᠦ ᠵᠡᠷᠭᠡ | ᠬᠡᠯᠪᠡᠷᠢ ᠪᠠᠷ ᠳᠠᠮᠵᠢᠭᠤᠯᠤᠨ᠂ ᠪᠠᠶᠠᠨᠨᠠᠭᠤᠷ ᠬᠤᠲᠠ ᠶᠢᠨ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠢ ᠪᠥᠬᠦ ᠲᠠᠯ᠎ᠠ ᠪᠠᠷ ᠲᠠᠨᠢᠯᠴᠠᠭᠤᠯᠵᠤ᠂ ᠬᠤᠸᠠ ᠷᠦᠨ | ᠪᠦᠯᠦᠭᠯᠡᠯ ᠯᠦᠭᠡ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠬᠡᠷᠡᠭᠯᠡᠭᠡ ᠶᠢᠨ | ᠲᠠᠰ ᠳᠡᠪᠰᠢᠬᠦ ᠳᠤ ᠬᠦᠴᠦᠨ ᠨᠡᠮᠡᠷᠢᠯᠡᠪᠡ᠃ | ᠲᠤᠰ ᠤᠳᠠᠭᠠᠨ ᠤ ᠠᠵᠢᠯᠯᠠᠭ᠎ᠠ ᠶᠢᠨ ᠬᠤᠭᠤᠴᠠᠭ᠎ᠠ ᠨᠢ ᠭᠤᠷᠪᠠᠨ ᠡᠳᠦᠷ ᠪᠣᠯᠣᠨ᠎ᠠ᠃ ᠠᠵᠢᠯᠯᠠᠭ᠎ᠠ ᠶᠢᠨ ᠬᠤᠭᠤᠴᠠᠭᠠᠨ ᠳᠤ ︽ᠠᠮᠲᠠᠲᠤ ᠢᠳᠡᠭᠡᠨ ᠤ ᠨᠠᠶᠢᠷ︾ ᠪᠠ ︽ | ᠴᠢᠨᠠᠷ ᠰᠠᠶᠢᠲᠠᠶ ᠲᠠᠷᠢᠶᠠᠯᠠᠩ ᠤᠨ ᠦᠢᠯᠡᠳᠪᠦᠷᠢᠯᠡᠯ ᠤᠨ ᠳᠡᠯᠭᠡᠨ ᠪᠣᠷᠣᠯᠠᠭᠤᠯᠬᠤ︾ ᠬᠤᠶᠠᠷ ᠶᠡᠭᠡ ᠬᠡᠰᠡᠭ ᠢ ᠲᠣᠬᠢᠷᠠᠭᠤᠯᠵᠠᠶ᠃ ᠠᠮᠲᠠᠲᠤ ᠢᠳᠡᠭᠡᠨ ᠤ ᠨᠠᠶᠢᠷ ᠨᠢ ︽ᠨᠢᠭᠡ | ᠡᠳᠦᠷ ᠨᠢᠭᠡ ᠭᠤᠣᠯ ᠰᠡᠳᠦᠪ︾ ᠤᠨ ᠬᠡᠯᠪᠡᠷᠢ ᠪᠠᠷ ᠪᠣᠷᠣᠲᠣᠬᠤᠢ ᠶᠢᠨ ᠦᠨᠦᠷ ᠠᠮᠲᠠ ᠶᠢ ᠢᠯᠡᠷᠡᠭᠦᠯᠵᠦ᠂ ᠪᠣᠷᠣ ᠲᠣᠬᠤᠢ ᠶᠢᠨ ᠲᠠᠲᠠᠮᠠᠯ ᠭᠤᠯᠢᠷ᠂ ᠣᠷᠭᠠᠨᠢᠭ ᠲᠥᠪᠡᠳ | ᠬᠠᠰᠢ ᠶᠢᠨ ᠰᠢᠭᠦᠰᠦ᠂ ᠰᠢᠨ᠎ᠡ ᠰᠣᠷᠭᠤᠭ ᠬᠤᠨᠢᠨ ᠮᠢᠬᠠᠨ ᠤ ᠬᠡᠯᠬᠢᠶ᠎ᠡ᠂ ᠴᠢᠨᠠᠭᠰᠠᠨ ᠬᠤᠨᠢᠨ ᠮᠢᠬ᠎ᠠ᠂ ᠬᠤᠯᠢᠵᠤ ᠢᠰᠭᠡᠭᠰᠡᠨ ᠨᠣᠭᠤᠭ᠎ᠠ᠂ ᠭᠠᠵᠠᠷ ᠤᠨ ᠲᠡᠮᠳᠡᠭ ᠤᠨ | ᠪᠦᠲᠦᠭᠡᠭᠳᠡᠬᠦᠨ ᠵᠡᠷᠭᠡ ᠰᠣᠩᠭᠤᠳᠠᠭ ᠠᠮᠲᠠᠲᠤ ᠢᠳᠡᠭᠡᠨ ᠢ ᠡᠭᠡᠯᠵᠢᠯᠡᠨ ᠲᠠᠯᠠᠪᠠᠢ ᠳᠤ ᠭᠠᠷᠴᠤ᠂ ᠪᠠᠶᠠᠨᠨᠠᠭᠤᠷ ᠬᠤᠲᠠ ᠶᠢᠨ ᠲᠤᠬᠠᠢ ᠶᠢᠨ ᠭᠠᠵᠠᠷ ᠤᠨ ᠲᠣᠭᠤᠭᠠᠴᠢ ᠨᠠᠷ | ᠲᠤᠬᠠᠢ ᠶᠢᠨ ᠲᠠᠯᠠᠪᠠᠢ ᠳᠤ ᠬᠢᠵᠦ᠂ ᠣᠷᠣᠯᠴᠠᠭᠴᠢ ᠳᠤ ᠲᠠᠷᠢᠶᠠᠨ ᠭᠠᠵᠠᠷ ᠠᠴᠠ ᠬᠤᠭᠤᠯᠠᠨ ᠰᠢᠷᠡᠭᠡ ᠬᠦᠷᠲᠡᠯᠡᠬᠢ ᠰᠢᠨ᠎ᠡ ᠰᠣᠷᠭᠤᠭ ᠪᠠ ᠳᠠᠷᠬᠠᠨ ᠤ ᠰᠡᠳᠭᠢᠯ ᠢ ᠰᠢᠭᠤᠳ | ᠣᠢᠯᠠᠭᠠᠨ᠎ᠠ᠃ | ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ ᠲᠣᠭᠤᠷᠢᠭ ᠨᠢ ︽ᠲᠡᠭᠷᠢ ᠶᠢᠨ ᠬᠡᠰᠢᠭᠲᠦ ᠪᠣᠷᠣᠲᠣᠬᠤᠶ︾ ᠶᠢᠨ ᠡᠷᠬᠡ ᠣᠯᠭᠤᠭᠰᠠᠨ ᠦᠢᠯᠡᠳᠬᠦᠨ | ᠬᠢᠭᠡᠳ ᠡᠯ᠎ᠡ ᠲᠥᠷᠥᠯ ᠤᠨ ᠴᠢᠨᠠᠷ ᠰᠠᠶᠢᠲᠠᠶ ᠲᠠᠷᠢᠶᠠᠯᠠᠩ ᠤᠨ ᠭᠠᠷᠤᠯᠲᠠ ᠵᠠᠭᠤ ᠭᠠᠷᠤᠶ ᠵᠦᠢᠯ ᠤᠨ ᠴᠢᠨᠠᠷ ᠰᠠᠶᠢᠲᠠᠶ ᠪᠦᠲᠦᠭᠡᠭᠳᠡᠬᠦᠨ ᠢ ᠲᠥᠪᠯᠡᠷᠡᠭᠦᠯᠦᠨ ᠳᠡᠯᠭᠡᠨ | ᠦᠵᠡᠭᠦᠯᠵᠦ᠂ ᠠᠮᠤ ᠪᠤᠳᠠᠭ᠎ᠠ ᠲᠣᠰᠣ᠂ ᠴᠠᠭᠠᠨ ᠢᠳᠡᠭᠡᠨ᠂ ᠦᠬᠡᠷ ᠬᠤᠨᠢᠨ ᠮᠢᠬ᠎ᠠ᠂ ᠬᠢᠲᠠᠳ ᠮᠣᠩᠭᠤᠯ ᠡᠮ ᠤᠨ ᠮᠠᠲ᠋ᠧᠷᠢᠶᠠᠯ ᠵᠡᠷᠭᠡ ᠲᠥᠷᠥᠯ ᠵᠦᠢᠯ ᠢ ᠬᠠᠮᠤᠷᠴᠠᠶ᠃ | ᠳᠡᠯᠭᠡᠨ ᠪᠣᠷᠣᠯᠠᠭᠤᠯᠬᠤ ᠶᠠᠪᠤᠴᠠ ᠳᠤ᠂ ᠢᠯᠠᠩᠭᠤᠶ᠎ᠠ ᠲᠠᠶᠢᠱᠦ᠋ᠨ ᠤ ᠣᠷᠭᠠᠨᠢᠭ ᠰᠢᠷ᠎ᠠ ᠲᠥᠪᠡᠳ ᠬᠠᠰᠢ ᠶᠢᠨ ᠰᠢᠭᠦᠰᠦ ᠨᠢ ᠠᠩᠬᠢᠯᠤᠮ᠎ᠠ ᠦᠨᠦᠷ ᠨᠢ ᠭᠦᠨ ᠵᠤᠵᠠᠭᠠᠨ | ᠪᠥᠭᠡᠳ ᠥᠪᠡᠷᠮᠢᠴᠡ ᠣᠨᠴᠠᠯᠢᠭ ᠲᠠᠢ ᠪᠥᠭᠡᠳ ᠬᠥᠮᠦᠰ ᠤᠨ ᠲᠠᠭᠠᠰᠢᠶᠠᠯ ᠢ ᠣᠯᠤᠭᠰᠠᠨ ᠪᠠᠶᠢᠨ᠎ᠠ᠃ ᠲᠦᠪᠡᠳ ᠬᠠᠰᠢ ᠶᠢᠨ ᠰᠢᠩᠭᠡᠨ ᠢ ᠠᠮᠲᠠᠯᠠᠭᠰᠠᠨ ᠤ ᠳᠠᠷᠠᠭ᠎ᠠ ᠄ ︽ | ᠢᠰᠬᠦᠯᠡᠩ ᠰᠢᠬᠢᠷ ᠤᠨ ᠬᠡᠮᠵᠢᠶ᠎ᠡ ᠰᠠᠶᠢᠬᠠᠨ ᠪᠠᠶᠢᠵᠤ᠂ ᠨᠠᠷᠠᠨ ᠳᠤ ᠰᠢᠷᠠᠵᠤ ᠪᠣᠯᠭᠤᠭᠰᠠᠨ ᠰᠢᠨ᠎ᠡ ᠰᠣᠷᠭᠤᠭ ᠢ ᠤᠤᠭᠤᠪᠠᠯ ᠵᠠᠬ᠎ᠠ ᠳᠡᠯᠭᠡᠭᠦᠷ ᠳᠡᠭᠡᠷᠡᠬᠢ ᠠᠵᠤ | ᠦᠢᠯᠡᠳᠪᠦᠷᠢ ᠶᠢᠨ ᠵᠢᠮᠢᠰ ᠤᠨ ᠰᠢᠭᠦᠰᠦ ᠲᠠᠢ ᠪᠦᠷᠢᠮᠦᠰᠦᠨ ᠠᠳᠠᠯᠢ ᠦᠭᠡᠢ︾ ᠭᠡᠵᠦ ᠦᠨᠡᠯᠡᠨ᠎ᠡ᠃ | ᠲᠣᠰ ᠤᠳᠠᠭᠠᠨ ᠤ ᠠᠵᠢᠯᠯᠠᠭ᠎ᠠ ᠨᠢ ᠠᠮᠲᠠᠲᠤ ᠢᠳᠡᠭᠡᠨ ᠪᠠ ᠰᠣᠶᠣᠯ ᠤᠨ ᠦᠵᠡᠭᠦᠯᠭᠡ ᠶᠢᠨ ᠲᠠᠪᠴᠠᠩ ᠪᠣᠯᠬᠤ ᠪᠠᠷ ᠪᠠᠷᠠᠬᠤ ᠥᠬᠡᠶ᠂ ᠨᠠᠩ ᠴᠤ ᠬᠠᠮᠲᠤᠷᠠᠯᠴᠠᠭ᠎ᠠ | ᠰᠣᠯᠢᠯᠴᠠᠭ᠎ᠠ ᠶᠢᠨ ᠬᠥᠭᠦᠷᠭᠡ ᠪᠣᠯᠤᠨ᠎ᠠ᠃ ︽ᠲᠡᠭᠷᠢ ᠶᠢᠨ ᠬᠡᠰᠢᠭᠲᠦ ᠪᠣᠷᠣᠲᠣᠬᠤᠶ︾ ᠨᠢ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ | ᠬᠠᠮᠲᠤᠷᠠᠯᠴᠠᠭᠠᠨ ᠤ ᠵᠠᠭᠪᠤᠷ ᠤᠨ ᠰᠢᠨ᠎ᠡ ᠶᠢ ᠡᠭᠦᠳᠬᠦ ᠶᠢ ᠦᠷᠭᠦᠯᠵᠢᠯᠡᠨ ᠰᠦᠪᠡᠭᠴᠢᠯᠡᠵᠦ᠂ ᠲᠠᠷᠢᠶᠠᠯᠠᠩ ᠤᠨ ᠠᠵᠤ ᠦᠢᠯᠡᠰ ᠤᠨ ᠲᠠᠰ ᠳᠡᠪᠰᠢᠬᠦ ᠶᠢ ᠬᠠᠮᠲᠤ ᠪᠠᠷ | ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠬᠡᠷᠡᠭᠯᠡᠭᠴᠢᠳ ᠲᠤ ᠨᠠᠩ ᠣᠯᠠᠨ ᠪᠣᠬᠢᠷᠲᠤᠯ ᠥᠬᠡᠶ | ᠡᠷᠡᠭᠦᠯ ᠰᠠᠷᠠᠭᠤᠯ ᠰᠢᠯᠢᠳᠡᠭ ᠪᠦᠲᠦᠭᠡᠭᠳᠡᠬᠦᠨ ᠢ ᠠᠪᠴᠢᠷᠠᠵᠤ ᠥᠭᠭᠦᠨ᠎ᠡ ᠭᠡᠪᠡ᠃ | |