ᠳᠤᠮᠳᠠᠳᠤ ᠤᠯᠤᠰ ᠤᠨ ᠨᠡᠷᠡᠲᠦ ᠲᠡᠮᠳᠡᠭ ᠤᠨ ᠡᠳᠦᠷ ︽ᠲᠡᠭᠷᠢ ᠶᠢᠨ ᠬᠡᠰᠢᠭᠲᠦ ᠪᠣᠷᠣᠲᠣᠬᠤᠢ︾ ᠪᠣᠷᠣᠲᠣᠬᠤᠢ ᠶᠢᠨ ᠰᠠᠶᠢᠨ ᠪᠣᠳᠠᠰ ᠶᠡᠭᠡ ᠪᠤᠯᠤᠩ ᠤᠨ ᠣᠷᠣᠨ ᠳᠤ ᠣᠯᠠᠨ ᠤ ᠪᠠᠭ᠋ᠠᠷᠬᠠᠯ ᠢ ᠲᠠᠲᠠᠪᠠ
ᠨᠡᠶᠢᠲᠡᠯᠡᠭᠰᠡᠨ ᠴᠠᠭ᠄
2025/5/24
      5 ᠰᠠᠷ᠎ᠠ ᠶᠢᠨ 10 ᠤ ᠡᠳᠦᠷ ᠳᠤᠮᠳᠠᠳᠤ ᠤᠯᠤᠰ ᠤᠨ ᠨᠠᠷᠠᠲᠤ ᠲᠡᠮᠳᠡᠭᠲᠦ ᠶᠢᠨ ᠡᠳᠦᠷ ᠭᠡᠬᠦ ᠡᠨᠡ ᠬᠦ ᠵᠠᠩᠭᠢᠯᠠᠭ᠎ᠠ ᠶᠢᠨ ᠴᠡᠭ ᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠬᠢᠭᠡᠳ ᠪᠡᠭᠡᠵᠢᠩ ᠬᠤᠲᠠ ᠶᠢᠨ ᠲᠠᠷᠢᠶᠠᠯᠠᠩ ᠬᠥᠳᠡᠭᠡ ᠲᠣᠰᠬᠤᠨ ᠤ ᠲᠣᠪᠴᠢᠶ᠎ᠠ ᠠᠴᠠ ᠭᠤᠤᠯᠯᠠᠨ ᠡᠷᠭᠢᠯᠡᠭᠰᠡᠨ ᠲᠠᠪᠤᠳᠤᠭᠠᠷ ᠬᠤᠭᠤᠴᠠᠭᠠᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠨ ᠬᠡᠷᠡᠭᠯᠡᠭᠡ ᠶᠢ ᠠᠬᠢᠭᠤᠯᠵᠤ᠂ ᠬᠥᠳᠡᠭᠡ ᠲᠣᠰᠬᠤᠨ ᠤ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠳᠤ ᠬᠦᠴᠦᠨ ᠨᠡᠮᠡᠷᠢᠯᠡᠬᠦ ᠲᠠᠨᠢᠯᠴᠠᠭᠤᠯᠭ᠎ᠠ ᠶᠢᠨ ᠠᠵᠢᠯᠯᠠᠭ᠎ᠠ ᠱᠧᠨᠵᠧᠨ ᠬᠤᠲᠠ ᠶᠢᠨ ᠲᠡᠯᠡᠶ ᠳᠡᠭᠡᠷᠡᠬᠢ ᠳᠡᠯᠡᠬᠡᠶ ᠶᠢᠨ ᠲᠥᠪ ᠤᠨ ᠲᠠᠯᠠᠪᠠᠶ ᠳᠤ ᠶᠠᠪᠤᠭᠳᠠᠪᠠ᠃ ᠪᠠᠶᠠᠨᠨᠠᠭᠤᠷ ᠬᠤᠲᠠ ᠶᠢᠨ ᠲᠠᠷᠢᠶᠠᠯᠠᠩ ᠤᠨ ᠬᠠᠭᠠᠯᠪᠤᠷᠢᠯᠠᠯᠲᠠ ᠶᠢᠨ ᠪᠦᠯᠦᠭᠯᠡᠯ ᠨᠢ ︽ᠲᠡᠭᠷᠢ ᠶᠢᠨ ᠬᠡᠰᠢᠭᠲᠦ ᠪᠣᠷᠣᠲᠣᠬᠤᠶ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠴᠣᠷ ᠤᠨ ᠭᠠᠭᠴᠠ ᠡᠵᠡᠩᠨᠡᠯᠲᠡ ᠶᠢᠨ ᠭᠤᠤᠯ ᠴᠣᠭᠴᠠ ᠪᠣᠯᠤᠭᠰᠠᠨ ᠤ ᠬᠤᠪᠢ ᠳᠤ᠂ ᠪᠠᠶᠠᠨᠨᠠᠭᠤᠷ ᠤᠨ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠦᠵᠡᠭᠦᠯᠪᠡ᠃      ᠠᠵᠢᠯᠯᠠᠭ᠎ᠠ ᠶᠢᠨ ᠬᠤᠭᠤᠴᠠᠭᠠᠨ ᠳᠤ᠂ ᠨᠡᠶᠢᠲᠡ 40 ᠭᠠᠷᠤᠶ ᠪᠠᠶᠠᠨᠨᠠᠭᠤᠷ ᠤᠨ ᠴᠢᠨᠠᠷ ᠰᠠᠶᠢᠲᠠᠶ ᠠᠵᠤ ᠠᠬᠤᠶᠢᠯᠠᠯ ᠦᠵᠡᠰᠬᠦᠯᠡᠩ ᠳᠤ ᠣᠷᠣᠯᠴᠠᠵᠤ᠂ ︽ᠲᠡᠭᠷᠢ ᠶᠢᠨ ᠬᠡᠰᠢᠭᠲᠦ ᠪᠣᠷᠣᠲᠣᠬᠤᠶ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠭᠤᠯᠢᠷ᠂ ᠬᠤᠸᠠ ᠯᠠᠶ ᠱᠢ᠂ ᠡᠷᠳᠡᠨᠢ ᠰᠢᠰᠢ᠂ ᠬᠢᠲᠠᠳ ᠮᠣᠩᠭᠤᠯ ᠡᠮ ᠤᠨ ᠮᠠᠲ᠋ᠧᠷᠢᠶᠠᠯ ᠵᠡᠷᠭᠡ ᠡᠷᠬᠡ ᠣᠯᠭᠤᠭᠰᠠᠨ ᠪᠦᠲᠦᠭᠡᠭᠳᠡᠬᠦᠨ ᠵᠢᠴᠢ ᠪᠠᠶᠠᠨᠨᠠᠭᠤᠷ ᠬᠤᠲᠠ ᠶᠢᠨ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠦᠵᠡᠭᠦᠯᠵᠡᠶ᠃ ᠡᠳᠡᠭᠡᠷ ᠪᠦᠲᠦᠭᠡᠭᠳᠡᠬᠦᠨ ᠨᠢ ᠶᠠᠰᠤ ᠴᠢᠨᠠᠷ ᠤᠨ ᠲᠠᠯ᠎ᠠ ᠪᠠᠷ ᠦᠷᠡᠵᠢᠭᠦᠯᠦᠭᠰᠡᠨ ᠢᠶᠠᠷ ᠪᠠᠷᠠᠬᠤ ᠦᠭᠡᠢ ᠪᠠᠰᠠ ᠢᠯᠡ ᠲᠣᠳᠣ ᠭᠠᠵᠠᠷ ᠣᠷᠣᠨ ᠤ ᠣᠨᠴᠠᠯᠢᠭ ᠲᠠᠢ ᠪᠠᠶᠢᠵᠤ᠂ ᠮᠠᠰᠢ ᠤᠯᠠᠨ ᠲᠣᠭᠤᠷᠢᠨ ᠦᠵᠡᠭᠰᠡᠳ ᠤᠨ ᠠᠩᠬᠠᠷᠤᠯ ᠢ ᠲᠠᠲᠠᠭᠰᠠᠨ ᠪᠠᠶᠢᠨ᠎ᠠ᠃      ᠡᠭᠦᠨ ᠠᠴᠠ ᠭᠠᠳᠠᠨ᠎ᠠ᠂ 5 ᠰᠠᠷ᠎ᠠ ᠶᠢᠨ 12 ᠤᠨ ᠡᠳᠦᠷ᠂ ᠪᠦᠯᠦᠭᠯᠡᠯ ᠲᠤᠬᠠᠶ ᠶᠢᠨ ᠲᠠᠯᠠᠪᠤᠷ ᠤᠨ ᠲᠠᠨᠢᠯᠴᠠᠭᠤᠯᠭ᠎ᠠ ᠪᠠᠷ ᠳᠠᠮᠵᠢᠭᠤᠯᠤᠨ᠂ ᠬᠤᠷᠠᠯ ᠳᠤ ᠣᠷᠣᠯᠴᠠᠭᠰᠠᠨ ᠬᠦᠨᠳᠦᠲᠦ ᠵᠣᠴᠢᠳ ᠲᠤ ︽ᠲᠡᠭᠷᠢ ᠶᠢᠨ ᠬᠡᠰᠢᠭᠲᠦ ᠪᠣᠷᠣᠲᠣᠬᠤᠶ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠲᠠᠨᠢᠯᠴᠠᠭᠤᠯᠵᠤ᠂ ᠨᠠᠩ ᠣᠯᠠᠨ ᠬᠥᠮᠦᠨ ᠳᠤ ︽ᠲᠡᠭᠷᠢ ᠶᠢᠨ ᠬᠡᠰᠢᠭᠲᠦ ᠪᠣᠷᠣᠲᠣᠬᠤᠶ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠪᠠᠶᠢᠭᠤᠯᠤᠯᠲᠠ ᠶᠢᠨ ᠲᠠᠯ᠎ᠠ ᠪᠠᠷ ᠣᠯᠤᠭᠰᠠᠨ ᠦᠷ᠎ᠡ ᠪᠦᠲᠦᠮᠵᠢ ᠶᠢ ᠣᠶᠢᠯᠠᠭᠠᠭᠤᠯᠪᠠ᠃ ᠡᠭᠦᠨ ᠤ ᠬᠠᠮᠲᠤ᠂ ᠬᠠᠮᠢᠶ᠎ᠠ ᠪᠥᠬᠦᠶ ᠠᠵᠤ ᠠᠬᠤᠶᠢᠯᠠᠯ ᠲᠠᠢ ᠢᠳᠡᠪᠬᠢᠲᠡᠶ ᠪᠠᠷ ᠵᠣᠯᠭᠠᠭᠤᠯᠵᠤ᠂ ᠵᠠᠬ᠎ᠠ ᠳᠡᠯᠭᠡᠭᠦᠷ ᠤᠨ ᠠᠷᠭ᠎ᠠ ᠵᠠᠮ ᠢ ᠲᠠᠰᠤᠷᠠᠯᠲᠠ ᠥᠬᠡᠶ ᠥᠷᠭᠡᠳᠬᠡᠨ᠂ ᠪᠠᠶᠠᠨᠨᠠᠭᠤᠷ ᠤᠨ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠤ ᠪᠥᠬᠦ ᠤᠯᠤᠰ ᠲᠤ ᠬᠠᠨᠳᠤᠬᠤ ᠳᠤ ᠪᠠᠲᠤ ᠪᠠᠬᠢ ᠰᠠᠭᠤᠷᠢ ᠶᠢ ᠲᠠᠯᠪᠢᠪᠠ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ