ᠬᠠᠩᠭᠢᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠠᠨ ᡁᠢ ᠶᠧ ᠪᠣᠷᠣᠲᠣᠬᠤᠢ ᠠᠷᠢᠬᠢᠨ ᠤ ᠦᠢᠯᠡᠰ ᠤᠨ ᠪᠦᠯᠦᠭᠯᠡᠯ ᠳᠤ ᠬᠦᠷᠴᠦ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/5/30
      ᠣᠶᠢᠷ᠎ᠠ ᠳᠤ᠂ ᠬᠠᠩᠭᠢᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠠᠨ ᡁᠢ ᠶᠧ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠳᠠᠭᠠᠭᠤᠯᠤᠨ ᠪᠣᠷᠣᠲᠣᠬᠤᠶ ᠠᠷᠢᠬᠢᠨ ᠤ ᠦᠢᠯᠡᠰ ᠤᠨ ᠪᠦᠯᠦᠭᠯᠡᠯ ᠳᠤ ᠭᠦᠨᠵᠡᠭᠡᠶᠢᠷᠡᠨ᠂ ︽ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾᠎ ᠪᠠᠷ ᠰᠤᠷᠪᠤᠯᠵᠢᠯᠠᠨ ᠪᠠᠶᠢᠴᠠᠭᠠᠨ ᠰᠤᠳᠤᠯᠤᠯᠲᠠ ᠬᠢᠪᠠ᠃ ᠡᠨᠡ ᠬᠤᠭᠤᠴᠠᠭᠠᠨ ᠳᠤ᠂ ᠬᠠᠨ ᡁᠢ ᠶᠧ ᠪᠣᠷᠣᠲᠣᠬᠤᠢ ᠶᠢᠨ ᠠᠷᠢᠬᠢᠨ ᠤ ᠦᠢᠯᠡᠰ ᠤᠨ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠶᠠᠨ ᠸᠧᠢ᠂ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠢ ᠳᠠᠭᠠᠭᠠᠮᠠᠯ ᠵᠠᠩ ᠮᠢᠨ᠂ ᠨᠠᠮ ᠤᠨ ᠬᠤᠷᠢᠶᠠᠨ ᠤ ᠳᠡᠳ᠋ ᠱᠦᠵᠢ᠂ ᠬᠡᠷᠡᠭ ᠮᠡᠳᠡᠭᠴᠢᠳ ᠤᠨ ᠳᠡᠳ᠋ ᠳᠠᠷᠤᠭ᠎ᠠ᠂ ᠠᠵᠢᠯᠴᠢᠨ ᠤ ᠡᠪᠯᠡᠯ ᠤᠨ ᠲᠡᠷᠢᠭᠦᠯᠡᠭᠴᠢ ᠵᠠᠩ ᠸᠧᠢ ᠳ᠋ᠦᠩ ᠵᠡᠷᠭᠡ ᠤᠳᠤᠷᠢᠳᠤᠯᠭ᠎ᠠ ᠲᠠᠢ ᠶᠠᠷᠢᠯᠴᠠᠨ ᠰᠣᠯᠢᠯᠴᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠤ᠂ ᠬᠥᠭᠵᠢᠯᠲᠡ ᠶᠢᠨ ᠬᠡᠷᠡᠭᠴᠡᠭᠡ ᠶᠢ ᠤᠨᠢᠨ ᠳᠡᠭᠡᠷ᠎ᠡ ᠨᠢ ᠵᠣᠯᠭᠠᠭᠤᠯᠵᠤ᠂ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠪᠠ᠃       ᠬᠤᠷᠠᠯ ᠳᠡᠭᠡᠷ᠎ᠡ᠂ ᠵᠠᠩ ᠮᠢᠨ ᠬᠤᠷᠠᠯ ᠳᠤ ᠣᠷᠣᠯᠴᠠᠭᠰᠠᠳ ᠲᠤ ᠠᠵᠤ ᠠᠬᠤᠶᠢᠯᠠᠯ ᠤᠨ ᠣᠳᠣᠬᠠᠨ ᠤ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ᠂ ᠠᠵᠢᠯ ᠲᠦᠷᠦᠯ ᠤᠨ ᠬᠥᠭᠵᠢᠯᠲᠡ ᠶᠢᠨ ᠪᠠᠶᠢᠳᠠᠯ ᠵᠢᠴᠢ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠳᠤ ᠵᠠᠰᠠᠭ ᠤᠨ ᠣᠷᠳᠣᠨ ᠠᠴᠠ ᠵᠣᠬᠢᠴᠠᠭᠤᠯᠤᠨ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠢ ᠨᠠᠷᠢᠨ ᠨᠢᠭᠲᠠ ᠬᠠᠷᠢᠭᠤ ᠮᠡᠳᠡᠭᠦᠯᠪᠡ᠃ ᠲᠡᠷᠡ ᠵᠢᠭᠠᠵᠤ ᠭᠠᠷᠭᠠᠭᠰᠠᠨ ᠨᠢ᠂ 2025 ᠣᠨ ᠳᠤ ᠪᠣᠷᠣᠲᠣᠬᠤᠢ ᠶᠢᠨ ᠠᠷᠢᠬᠢᠨ ᠤ ᠦᠢᠯᠡᠰ ᠤᠨ ᠪᠦᠯᠦᠭᠯᠡᠯ ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠶᠢ ᠡᠷᠢᠯᠬᠢᠯᠡᠵᠦ᠂ ᠺᠣᠮᠫᠠᠨᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠬᠢᠭᠡᠳ ᠦᠢᠯᠡᠳᠬᠦᠨ ᠤ ᠪᠦᠲᠦᠴᠡ ᠶᠢᠨ ᠲᠣᠬᠢᠷᠠᠭᠤᠯᠤᠯᠲᠠ ᠶᠢ ᠢᠳᠡᠪᠬᠢᠲᠡᠶ ᠠᠬᠢᠭᠤᠯᠵᠤ᠂ ᠰᠢᠨ᠎ᠡ ᠠᠮᠵᠢᠯᠲᠠ ᠪᠦᠲᠦᠮᠵᠢ ᠶᠢᠨ ᠨᠡᠮᠡᠭᠳᠡᠯ ᠤᠨ ᠴᠡᠭ ᠢ ᠪᠥᠬᠦ ᠬᠦᠴᠦᠨ ᠢᠶᠠᠷ ᠢᠶᠠᠨ ᠡᠷᠢᠯᠬᠢᠯᠡᠵᠦ᠂ ᠣᠨ ᠤ ᠪᠣᠷᠣᠯᠠᠭᠤᠯᠭ᠎ᠠ ᠶᠢᠨ ᠡᠭᠦᠷᠭᠡ ᠪᠠᠨ ᠤᠷᠤᠭᠰᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠪᠠ᠃       ᠶᠠᠨ ᠸᠧᠶ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠣᠷᠣᠲᠣᠬᠤᠶ ᠠᠷᠢᠬᠢᠨ ᠤ ᠦᠢᠯᠡᠰ ᠤᠨ ᠪᠦᠯᠦᠭᠯᠡᠯ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠠᠵᠢᠯ ᠲᠦᠷᠦᠯ ᠤᠨ ᠬᠤᠪᠢᠰᠤᠯᠲᠠ ᠪᠣᠯᠤᠨ ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠡᠮᠦᠨ᠎ᠡ᠂ ᠠᠵᠤ ᠠᠬᠤᠶᠢᠯᠠᠯ ᠤᠨ ᠤᠳᠤᠷᠢᠳᠬᠤ ᠪᠠᠭ ᠪᠦᠯᠬᠦᠮᠳᠡᠨ ᠨᠢᠭᠡᠳᠴᠦ᠂ ᠪᠠᠶᠢᠯᠳᠤᠬᠤ ᠪᠤᠳᠤᠯᠭ᠎ᠠ ᠶᠢᠨ ᠬᠠᠷᠠᠯᠲᠠ ᠪᠠᠨ ᠲᠣᠭᠲᠠᠭᠠᠵᠤ᠂ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ ᠠᠵᠢᠯ ᠲᠦᠷᠦᠯ ᠤᠨ ᠬᠥᠭᠵᠢᠯᠲᠡ ᠶᠢᠨ ᠬᠠᠨᠳᠤᠰᠢ ᠶᠢ ᠡᠵᠡᠮᠳᠡᠵᠦ᠂ ᠵᠠᠬ᠎ᠠ ᠳᠡᠯᠭᠡᠭᠦᠷ ᠤᠨ ᠬᠤᠷᠴᠠ ᠰᠢᠷᠦᠭᠦᠨ ᠥᠷᠢᠰᠥᠯᠳᠦᠭᠡᠨ ᠤ ᠳᠤᠮᠳᠠ ᠠᠵᠠ ᠲᠣᠬᠢᠶᠠᠯ ᠢ ᠠᠮᠵᠢᠵᠤ᠂ ᠳᠠᠪᠠᠭᠤᠯᠢᠭ ᠢᠶᠠᠨ ᠪᠠᠬᠢᠵᠢᠭᠦᠯᠬᠦ ᠪᠠᠷ ᠴᠢᠷᠮᠠᠶᠢᠨ᠎ᠠ ᠭᠡᠵᠦ ᠢᠯᠡᠳᠬᠡᠪᠡ᠃ ᠳᠣᠲᠣᠭᠠᠳᠤ ᠶᠢᠨ ᠬᠠᠮᠢᠶᠠᠷᠤᠯᠲᠠ ᠶᠢᠨ ᠲᠠᠯ᠎ᠠ ᠪᠠᠷ᠂ ᠠᠵᠤ ᠠᠬᠤᠶᠢᠯᠠᠯ ᠤᠳ ᠠᠵᠤ ᠠᠬᠤᠶᠢᠯᠠᠯ ᠤᠨ ᠬᠠᠮᠢᠶᠠᠷᠤᠯᠲᠠ ᠶᠢᠨ ᠵᠢᠷᠤᠮᠵᠢᠭᠰᠠᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠦᠢᠯᠡᠳᠪᠦᠷᠢᠯᠡᠯ ᠡᠵᠡᠩᠨᠡᠯᠲᠡ ᠶᠢᠨ ᠴᠤᠪᠤᠷᠠᠯ ᠢ ᠰᠢᠯᠢᠳᠡᠭᠵᠢᠭᠦᠯᠦᠨ᠂ ᠲᠡᠭᠦᠨ ᠢ ᠨᠠᠩ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠶ ᠪᠣᠯᠭᠠᠬᠤ ᠶᠢᠨ ᠬᠠᠮᠲᠤ ᠥᠪᠡᠷ ᠤᠨ ᠥᠷᠲᠡᠭ ᠢ ᠵᠦᠶ ᠵᠣᠬᠢᠰᠲᠠᠶ ᠬᠠᠮᠢᠶᠠᠷᠤᠨ ᠡᠵᠡᠮᠳᠡᠵᠦ᠂ ᠠᠵᠤ ᠠᠬᠤᠶᠢᠯᠠᠯ ᠤᠨ ᠲᠣᠭᠲᠠᠭᠤᠨ ᠡᠵᠡᠩᠨᠡᠯᠲᠡ ᠶᠢ ᠦᠨᠡᠨᠬᠦ ᠪᠠᠲᠣᠯᠠᠨ᠎ᠠ ᠭᠡᠪᠡ᠃ ᠪᠣᠷᠣᠲᠣᠬᠤᠶ ᠠᠷᠢᠬᠢᠨ ᠤ ᠦᠢᠯᠡᠰ ᠤᠨ ᠪᠦᠯᠦᠭᠯᠡᠯ ᠨᠢ ᠬᠠᠩᠭᠢᠨ ᠬᠤᠶᠢᠲᠤ ᠬᠤᠰᠢᠭᠤᠨ ᠤ ᠣᠷᠣᠨ ᠨᠤᠲᠤᠭ ᠤᠨ ᠨᠠᠷᠠᠲᠤ ᠲᠡᠮᠳᠡᠭ ᠪᠣᠯᠤᠭᠰᠠᠨ ᠤ ᠬᠤᠪᠢ ᠳᠤ᠂ ᠣᠷᠣᠨ ᠨᠤᠲᠤᠭ ᠤᠨ ᠰᠣᠶᠣᠯ ᠢ ᠤᠯᠠᠮᠵᠢᠯᠠᠨ ᠵᠠᠯᠭᠠᠮᠵᠢᠯᠠᠬᠤ᠂ ᠠᠵᠤ ᠠᠬᠤᠶ ᠶᠢᠨ ᠬᠥᠭᠵᠢᠯᠲᠡ ᠶᠢ ᠳᠡᠮᠵᠢᠬᠦ ᠳᠠᠪᠬᠤᠷ ᠡᠭᠦᠷᠭᠡ ᠶᠢ ᠡᠭᠦᠷᠭᠡᠯᠡᠵᠦ ᠪᠠᠶᠢᠳᠠᠭ᠂ ᠲᠡᠷᠡ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠨᠠᠷᠠᠲᠤ ᠲᠡᠮᠳᠡᠭᠲᠦ ᠶᠢ ᠳᠡᠯᠭᠡᠷᠡᠭᠦᠯᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠨᠤᠲᠤᠭ ᠤᠰᠤᠨ ᠤ ᠨᠠᠷᠠᠲᠤ ᠲᠡᠮᠳᠡᠭᠲᠦ ᠶᠢ ᠬᠠᠮᠲᠤ ᠪᠠᠷ ᠬᠠᠮᠠᠭᠠᠯᠠᠵᠤ ᠬᠠᠶᠢᠷᠠᠯᠠᠨ᠂ ᠨᠤᠲᠤᠭ ᠤᠰᠤᠨ ᠤ ᠨᠠᠷᠠᠲᠤ ᠲᠡᠮᠳᠡᠭᠲᠦ ᠶᠢ ᠤᠬᠠᠭᠤᠯᠵᠤ᠂ ᠨᠤᠲᠤᠭ ᠤᠰᠤᠨ ᠤ ᠨᠠᠷᠠᠲᠤ ᠲᠡᠮᠳᠡᠭᠲᠦ ᠶᠢ ᠳᠡᠯᠭᠡᠷᠡᠭᠦᠯᠵᠦ᠂ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢ ᠬᠦᠰᠡᠵᠦ ᠪᠠᠶᠢᠨ᠎ᠠ ᠭᠡᠵᠡᠶ᠃       ᠬᠠᠨ ᡁᠢ ᠶᠧ ᠠᠵᠤ ᠠᠬᠤᠶᠢᠯᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠤᠭᠰᠠᠨ ᠤ ᠳᠠᠷᠠᠭ᠎ᠠ ᠵᠢᠭᠠᠵᠤ ᠭᠠᠷᠭᠠᠭᠰᠠᠨ ᠨᠢ᠂ ᠪᠣᠷᠣᠲᠣᠬᠤᠶ ᠠᠷᠢᠬᠢᠨ ᠤ ᠦᠢᠯᠡᠰ ᠤᠨ ᠪᠦᠯᠦᠭᠯᠡᠯ ᠨᠢ ᠬᠠᠩᠭᠢᠨ ᠬᠤᠶᠢᠲᠤ ᠬᠤᠰᠢᠭᠤᠨ ᠤ ᠣᠷᠣᠨ ᠨᠤᠲᠤᠭ ᠤᠨ ᠨᠡᠷ᠎ᠡ ᠶᠢᠨ ᠬᠠᠭᠤᠳᠠᠰᠤ ᠪᠣᠯᠤᠭᠰᠠᠨ ᠤ ᠬᠤᠪᠢ ᠳᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠠᠵᠤ ᠠᠬᠤᠶᠢᠯᠠᠯ ᠤᠨ ᠬᠢᠨ ᠬᠥᠭᠵᠢᠯᠲᠡ ᠶᠢᠨ ᠢᠲᠡᠭᠡᠯ ᠢᠶᠠᠨ ᠦᠷᠭᠦᠯᠵᠢᠯᠡᠨ ᠪᠠᠲᠤᠳᠬᠠᠵᠤ᠂ ᠠᠵᠢᠯ ᠲᠥᠷᠥᠯ ᠤᠨ ᠬᠥᠭᠵᠢᠯᠲᠡ ᠶᠢᠨ ᠬᠠᠨᠳᠤᠰᠢ ᠶᠢ ᠣᠨᠣᠪᠴᠢᠲᠠᠶ ᠡᠵᠡᠮᠳᠡᠵᠦ᠂ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠨᠠᠷᠠᠲᠤ ᠲᠡᠮᠳᠡᠭᠲᠦ ᠶᠢᠨ ᠦᠨ᠎ᠡ ᠥᠷᠲᠡᠭ ᠢ ᠳᠡᠭᠡᠭᠰᠢᠯᠡᠭᠦᠯᠵᠦ᠂ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠶᠢ ᠪᠠᠲᠤᠯᠠᠬᠤ ᠶᠢ ᠬᠦᠰᠡᠵᠦ ᠪᠠᠶᠢᠨ᠎ᠠ ᠭᠡᠵᠡᠶ᠃ ᠲᠡᠷᠡ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠷᠣᠲᠣᠬᠤᠶ ᠠᠷᠢᠬᠢᠨ ᠤ ᠦᠢᠯᠡᠰ ᠤᠨ ᠪᠦᠯᠦᠭᠯᠡᠯ ᠤᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠷ ᠳᠠᠮᠵᠢᠭᠤᠯᠤᠨ᠂ ᠲᠣᠰ ᠭᠠᠵᠠᠷ ᠤᠨ ᠠᠵᠤ ᠠᠬᠤᠶᠢᠯᠠᠯ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠣᠷᠣᠲᠣᠬᠤᠶ ᠠᠷᠢᠬᠢᠨ ᠤ ᠪᠦᠲᠦᠭᠡᠭᠳᠡᠬᠦᠨ ᠢ ᠤᠷᠢᠳᠠᠪᠠᠷ ᠰᠣᠩᠭᠤᠨ ᠬᠡᠷᠡᠭᠯᠡᠵᠦ᠂ ᠲᠣᠰ ᠭᠠᠵᠠᠷ ᠣᠷᠣᠨ ᠤ ᠠᠵᠤ ᠠᠬᠤᠶᠢᠯᠠᠯ ᠬᠠᠮᠲᠤᠷᠠᠯᠴᠠᠨ ᠬᠥᠭᠵᠢᠬᠦ ᠳᠠᠪᠠᠭᠤᠯᠢᠭ ᠢ ᠭᠦᠢᠴᠡᠳ ᠪᠠᠳᠠᠷᠠᠭᠤᠯᠤᠨ᠎ᠠ ᠭᠡᠵᠡᠢ᠃ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢᠨ ᠲᠠᠯ᠎ᠠ ᠪᠠᠷ᠂ ᠵᠠᠰᠠᠭ ᠤᠨ ᠣᠷᠳᠣᠨ ᠴᠤ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠦᠢᠯᠡᠳᠦᠯ ᠴᠢᠳᠠᠪᠤᠷᠢ ᠪᠣᠯᠤᠨ ᠦᠢᠯᠡᠳᠬᠦᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ᠃ ᠪᠥᠬᠦ ᠬᠤᠰᠢᠭᠤᠨ ᠤ ᠰᠣᠶᠣᠯ ᠵᠢᠭᠤᠯᠴᠢᠯᠠᠯ ᠤᠨ ᠤᠬᠠᠭᠤᠯᠭ᠎ᠠ ᠶᠢᠨ ᠠᠵᠢᠯᠯᠠᠭ᠎ᠠ ᠳᠤᠮᠳᠠ᠂ ᠵᠠᠰᠠᠭ ᠤᠨ ᠣᠷᠳᠣᠨ ᠠᠴᠠ ᠪᠣᠷᠣᠲᠣᠬᠤᠶ ᠠᠷᠢᠬᠢᠨ ᠤ ᠦᠢᠯᠡᠰ ᠤᠨ ᠨᠠᠷᠠᠲᠤ ᠲᠡᠮᠳᠡᠭᠲᠦ ᠶᠢᠨ ᠤᠬᠠᠭᠤᠯᠭ᠎ᠠ ᠶᠢ ᠲᠡᠭᠦᠨ ᠳᠤ ᠠᠭᠤᠰᠤᠯᠴᠠᠭᠤᠯᠵᠤ᠂ ᠠᠵᠤ ᠠᠬᠤᠶᠢᠯᠠᠯ ᠤᠨ ᠠᠯᠳᠠᠷᠰᠢᠯ ᠪᠠ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ᠃ 
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ