5 ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ᠂ ᠬᠠᠩᠭᠢᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠭᠦᠸᠧ ᠶᠦᠩ ᠯᠢ ᠬᠠᠩᠭᠢᠨ ᠬᠤᠶᠢᠲᠤ ᠬᠤᠰᠢᠭᠤᠨ ᠤ ᠺᠠᠩ ᠶᠠᠩ ᠬᠦᠷᠢᠶᠡᠯᠡᠩ ᠲᠣᠭᠤᠷᠢᠭ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠳᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠪᠥᠬᠦ ᠬᠤᠰᠢᠭᠤᠨ ᠤ ᠡᠷᠡᠭᠦᠯᠵᠢᠯ | ᠰᠤᠪᠢᠯᠠᠯᠲᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢᠦ ᠼᠦᠨ ᠯᠢᠶᠠᠩ ᠪᠠᠷ᠎ᠠ ᠪᠣᠯᠤᠭᠰᠠᠨ ᠪᠥᠭᠡᠳ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ | ᠪᠠᠶᠢᠳᠠᠯ ᠢ ᠨᠠᠷᠢᠨ ᠲᠠᠨᠢᠯᠴᠠᠭᠤᠯᠪᠠ᠃ | ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠬᠤᠰᠢᠭᠤᠨ ᠤ ᠤᠳᠤᠷᠢᠳᠤᠯᠭ᠎ᠠ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠡᠨᠡ ᠬᠤᠭᠤᠴᠠᠭᠠᠨ ᠳᠤ᠂ ᠱᠠᠮᠪᠠ ᠪᠠᠯᠭᠠᠰᠤ᠂ ᠤᠰᠤᠨ ᠠᠰᠢᠭᠯᠠᠯᠲᠠ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ᠂ ᠬᠥᠭᠵᠢᠭᠦᠯᠦᠯᠲᠡ ᠥᠭᠡᠷᠡᠴᠢᠯᠡᠯᠲᠡ᠂ ᠢ ᠶᠤᠸᠠᠨ ᠤᠰᠤᠨ ᠤ ᠶᠠᠪᠤᠳᠠᠯ ᠵᠡᠷᠭᠡ ᠰᠠᠯᠠᠭ᠎ᠠ | ᠮᠥᠴᠢᠷ ᠢ ᠵᠣᠬᠢᠴᠠᠭᠤᠯᠵᠤ ᠪᠠᠶᠢᠭᠠᠳ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠵᠢᠴᠢ ᠰᠢᠢᠳᠪᠦᠷᠢᠯᠡᠬᠦ ᠠᠷᠭ᠎ᠠ ᠶᠢ | ᠬᠠᠮᠲᠤ ᠪᠠᠷ ᠰᠤᠳᠤᠯᠤᠨ ᠶᠠᠷᠢᠯᠴᠠᠵᠤ᠂ ᠡᠯ᠎ᠡ ᠰᠠᠯᠠᠭ᠎ᠠ ᠮᠥᠴᠢᠷ ᠤᠳ ᠲᠣᠰ ᠪᠡᠶ᠎ᠡ ᠶᠢᠨ ᠡᠭᠦᠷᠭᠡ ᠴᠢᠳᠠᠪᠤᠷᠢ ᠳᠠᠭᠠᠨ ᠰᠠᠭᠤᠷᠢᠯᠠᠨ᠂ ᠢᠳᠡᠪᠬᠢᠲᠡᠶ ᠪᠠᠷ ᠰᠠᠨᠠᠯ | ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠬᠦᠴᠦᠷᠬᠡᠭ ᠶᠡᠭᠡ ᠨᠡᠶᠢᠯᠡᠮᠡᠯ | ᠬᠦᠴᠦᠨ ᠢ ᠪᠣᠶ ᠪᠣᠯᠭᠠᠪᠠ᠃ | ᠬᠠᠩᠭᠢᠨ ᠬᠤᠶᠢᠲᠤ ᠬᠤᠰᠢᠭᠤᠨ ᠤ ᠡᠷᠡᠭᠦᠯᠵᠢᠯ ᠰᠤᠪᠢᠯᠠᠯᠲᠠ ᠶᠢᠨ ᠬᠦᠷᠢᠶᠡᠯᠡᠩ ᠲᠣᠭᠤᠷᠢᠭ ᠤᠨ ᠲᠥᠷᠥᠯ ᠵᠦᠢᠯ ᠨᠢ ᠪᠥᠬᠦ ᠬᠤᠰᠢᠭᠤᠨ ᠤ ᠬᠥᠮᠦᠨ | ᠠᠮᠠ ᠶᠢᠨ ᠨᠠᠰᠤᠵᠢᠯ ᠢ ᠢᠳᠡᠪᠬᠢᠲᠡᠶ ᠠᠷᠭᠠᠴᠠᠬᠤ᠂ ᠨᠠᠰᠤᠵᠢᠯ ᠤᠨ ᠪᠠᠲᠤᠯᠠᠭ᠎ᠠ ᠶᠢᠨ ᠦᠢᠯᠡᠴᠢᠯᠡᠭᠡ ᠶᠢ ᠲᠡᠭᠦᠯᠳᠡᠷᠵᠢᠭᠦᠯᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ | ᠪᠣᠯᠤᠭᠰᠠᠨ ᠤ ᠬᠤᠪᠢ ᠳᠤ᠂ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠲᠣᠰ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 8937.78 | ᠲᠦᠮᠡᠨ ᠲᠥᠭᠦᠷᠢᠭ ᠪᠠᠶᠢᠵᠤ᠂ 47 ᠮᠥ ᠭᠠᠵᠠᠷ ᠡᠵᠡᠯᠡᠨ᠂ ᠪᠠᠷᠢᠯᠭ᠎ᠠ ᠶᠢᠨ ᠲᠠᠯᠠᠪᠠᠶ ᠨᠢ 18523 ᠲᠡᠭᠰᠢ ᠳᠥᠷᠪᠡᠯᠵᠢᠨ ᠮᠧᠲᠷ ᠲᠤ ᠬᠦᠷᠴᠦ᠂ 400 | ᠨᠠᠰᠤᠵᠢᠯ ᠤᠨ ᠣᠷᠣ ᠶᠢ ᠲᠥᠯᠥᠪᠵᠢᠭᠦᠯᠦᠨ ᠪᠠᠶᠢᠷᠢᠯᠠᠭᠤᠯᠪᠠ᠃ ᠬᠦᠷᠢᠶᠡᠯᠡᠩ ᠲᠣᠭᠤᠷᠢᠭ ᠤᠨ ᠴᠢᠳᠠᠮᠵᠢ ᠶᠢᠨ ᠪᠡᠯᠡᠳᠬᠡᠮᠵᠢ ᠨᠢ ᠪᠦᠷᠢᠨ ᠭᠦᠢᠴᠡᠳ ᠪᠠᠶᠢᠵᠤ᠂ | ᠡᠷᠡᠭᠦᠯᠵᠢᠯ ᠰᠤᠪᠢᠯᠠᠯᠲᠠ ᠶᠢᠨ ᠲᠥᠪ᠂ ᠨᠠᠰᠤᠲᠠᠶᠢᠴᠤᠳ ᠤᠨ ᠳᠡᠭᠡᠳᠦ ᠰᠤᠷᠭᠠᠭᠤᠯᠢ᠂ ᠵᠢᠱᠢᠶ᠎ᠡ ᠦᠵᠡᠭᠦᠯᠬᠦ ᠴᠢᠨᠠᠷᠲᠠᠶ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠥᠪ᠂ ᠡᠷᠡᠭᠦᠯᠵᠢᠭᠦᠯᠬᠦ ᠹᠢᠽᠢᠺ ᠵᠠᠰᠠᠯ ᠵᠡᠷᠭᠡ ᠭᠤᠤᠯ ᠣᠷᠣᠨ ᠪᠦᠰᠡ ᠶᠢ ᠬᠠᠮᠤᠷᠬᠤ ᠪᠠᠷ ᠪᠠᠷᠠᠬᠤ ᠥᠬᠡᠶ ᠪᠠᠰᠠ ᠴᠢᠳᠠᠮᠵᠢ ᠳᠤ ᠬᠡᠷᠡᠭᠯᠡᠬᠦ ᠬᠡᠷ | ᠪᠠᠶᠢᠰᠢᠩ ᠵᠢᠴᠢ ᠬᠡᠷ ᠤᠨ ᠭᠠᠳᠠᠨᠠᠬᠢ ᠵᠠᠮ᠂ ᠬᠠᠲᠠᠭᠤᠷᠠᠭᠤᠯᠤᠯᠲᠠ᠂ ᠤᠰᠤ ᠬᠠᠩᠭᠠᠬᠤ ᠤᠰᠤ ᠵᠠᠯᠠᠬᠤ ᠵᠡᠷᠭᠡ ᠰᠠᠭᠤᠷᠢ ᠲᠥᠬᠦᠭᠡᠷᠦᠮᠵᠢ ᠶᠢ ᠲᠣᠬᠢᠷᠠᠭᠤᠯᠪᠠ᠃ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠲᠠᠯ᠎ᠠ ᠪᠠᠷ᠂ ᠪᠥᠬᠦ ᠬᠤᠰᠢᠭᠤᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠲᠣᠰ | ᠲᠥᠷᠥᠯ ᠵᠦᠢᠯ ᠤᠨ ᠬᠠᠪᠤᠷ ᠤᠨ ᠡᠬᠢ ᠪᠠᠷ ᠠᠵᠢᠯ ᠢᠶᠠᠨ ᠡᠬᠢᠯᠡᠭᠦᠯᠵᠦ᠂ 3 ᠰᠠᠷ᠎ᠠ ᠶᠢᠨ 20 ᠤ ᠡᠳᠦᠷ ᠠᠵᠢᠯ ᠢᠶᠠᠨ ᠰᠡᠷᠭᠦᠭᠡᠪᠡ᠃ ᠣᠲᠣ ᠪᠣᠯᠲᠠᠯ᠎ᠠ᠂ ᠭᠤᠤᠯ | ᠪᠦᠲᠦᠴᠡ ᠵᠢᠴᠢ ᠭᠠᠳᠠᠷ ᠵᠠᠰᠠᠯ ᠴᠢᠮᠡᠭᠯᠡᠯ ᠤᠨ ᠪᠠᠷᠢᠯᠭ᠎ᠠ ᠶᠢ ᠨᠢᠭᠡᠨᠲᠡ ᠪᠦᠬᠦᠨ ᠢ ᠳᠠᠭᠤᠰᠬᠠᠪᠠ︔ ᠤᠰᠤ ᠴᠠᠬᠢᠯᠭᠠᠨ ᠳᠤᠯᠠᠭᠠᠯᠠᠭ᠎ᠠ᠂ ᠭᠠᠯ ᠤᠨᠲᠠᠷᠠᠭᠠᠬᠤ ᠵᠢᠴᠢ | ᠳᠣᠲᠣᠷ ᠵᠠᠰᠠᠯ ᠴᠢᠮᠡᠭᠯᠡᠯ ᠤᠨ ᠢᠨᠵᠧᠨᠧᠷᠢᠩ ᠤᠨ 85% ᠶᠢ ᠪᠡᠶᠡᠯᠡᠭᠦᠯᠵᠦ᠂ ᠣᠳᠣᠬᠢ ᠱᠠᠲᠤᠨ ᠳᠤ ᠪᠠᠷᠢᠯᠭ᠎ᠠ ᠶᠢᠨ ᠬᠡᠮᠵᠢᠶ᠎ᠡ ᠨᠢ ᠴᠠᠬᠢᠯᠭᠠᠨ ᠱᠠᠲᠤ᠂ ᠬᠠᠨ᠎ᠠ ᠶᠢᠨ | ᠴᠢᠮᠡᠭᠯᠡᠯ ᠤᠨ ᠬᠠᠪᠲᠠᠰᠤ᠂ ᠬᠡᠷ ᠳᠣᠲᠣᠷᠠᠬᠢ ᠡᠭᠦᠳᠡ ᠤᠭᠰᠠᠷᠠᠬᠤ ᠠᠵᠢᠯ ᠢ ᠡᠮᠬᠢ ᠵᠢᠷᠤᠮ ᠲᠠᠢ ᠳᠥᠯᠭᠢᠨ ᠠᠬᠢᠭᠤᠯᠵᠤ ᠪᠠᠶᠢᠨ᠎ᠠ︔ ᠬᠡᠷ ᠤᠨ ᠭᠠᠳᠠᠨᠠᠬᠢ ᠢᠵᠢ | ᠪᠥᠷᠢᠳᠦᠭᠦᠯᠬᠦ ᠪᠠᠷᠢᠯᠭ᠎ᠠ ᠶᠢ ᠵᠡᠷᠭᠡ ᠪᠠᠷ ᠥᠷᠨᠢᠭᠦᠯᠵᠦ᠂ ᠤᠰᠤ ᠬᠠᠩᠭᠠᠬᠤ ᠤᠰᠤ ᠵᠠᠯᠠᠬᠤ᠂ ᠳᠤᠯᠠᠭᠠᠯᠠᠬᠤ᠂ ᠭᠠᠯ ᠤᠨᠲᠠᠷᠠᠭᠠᠬᠤ ᠬᠤᠭᠤᠯᠠᠶ ᠳᠡᠪᠢᠰᠬᠦ ᠵᠢᠴᠢ ᠬᠦᠷᠢᠶ᠎ᠡ | ᠬᠠᠰᠢᠶ᠎ᠠ ᠶᠢᠨ ᠰᠠᠭᠤᠷᠢ ᠶᠢ ᠴᠢᠳᠬᠤᠬᠤ ᠪᠠᠷᠢᠯᠭ᠎ᠠ ᠶᠢ ᠯᠠᠪᠳᠠᠭᠤᠨ ᠢᠶᠠᠷ ᠶᠠᠪᠤᠭᠳᠠᠭᠤᠯᠵᠤ᠂ ᠵᠢᠱᠢᠯᠲᠡ ᠪᠠᠷ 2025 ᠣᠨ ᠤ 6 ᠰᠠᠷ᠎ᠠ ᠶᠢᠨ ᠰᠡᠭᠦᠯᠴᠢ ᠪᠠᠷ ᠪᠥᠬᠦ | ᠲᠠᠯ᠎ᠠ ᠪᠠᠷ ᠪᠠᠷᠢᠵᠤ ᠳᠠᠭᠤᠰᠬᠠᠨ᠎ᠠ᠃ | ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠳᠤ᠂ ᠭᠦᠸᠧ ᠶᠦᠩ ᠯᠢ ᠬᠠᠩᠭᠢᠨ ᠬᠤᠶᠢᠲᠤ ᠬᠤᠰᠢᠭᠤᠨ ᠤ ᠡᠷᠡᠭᠦᠯᠵᠢᠯ ᠰᠤᠪᠢᠯᠠᠯᠲᠠ ᠶᠢᠨ ᠬᠦᠷᠢᠶᠡᠯᠡᠩ | ᠲᠣᠭᠤᠷᠢᠭ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠳᠤ ᠨᠠᠩ ᠥᠨᠳᠥᠷ ᠱᠠᠭᠠᠷᠳᠠᠯᠭ᠎ᠠ ᠲᠠᠯᠪᠢᠵᠤ᠂ ᠠᠷᠠᠳ ᠤᠨ ᠠᠮᠢᠳᠤᠷᠠᠯ ᠢ ᠪᠠᠲᠤᠯᠠᠨ | ᠰᠠᠶᠢᠵᠢᠷᠠᠭᠤᠯᠬᠤ ᠶᠢ ᠢᠮᠠᠭᠲᠠ ᠴᠢᠬᠤᠯᠠ ᠪᠠᠶᠢᠷᠢᠨ ᠳᠤ ᠲᠠᠯᠪᠢᠵᠤ᠂ ᠡᠷᠡᠭᠦᠯᠵᠢᠯ ᠰᠤᠪᠢᠯᠠᠯᠲᠠ ᠶᠢᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ | ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠶ ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ | ᠨᠠᠰᠤᠲᠠᠶᠢᠴᠤᠳ ᠲᠤ ᠨᠠᠩ ᠴᠢᠨᠠᠷ ᠰᠠᠶᠢᠲᠠᠶ᠂ ᠳᠥᠭᠦᠮ ᠳᠥᠲᠡ᠂ ᠲᠠᠭᠠᠯᠠᠮᠵᠢᠲᠠᠶ ᠨᠠᠰᠤᠵᠢᠯ ᠤᠨ ᠠᠰᠠᠷᠠᠮᠵᠢ ᠶᠢᠨ ᠣᠷᠴᠢᠨ ᠲᠣᠭᠤᠷᠢᠨ ᠢ ᠬᠠᠩᠭᠠᠵᠤ᠂ ᠪᠥᠬᠦ | ᠬᠤᠰᠢᠭᠤᠨ ᠤ ᠡᠷᠡᠭᠦᠯᠵᠢᠯ ᠰᠤᠪᠢᠯᠠᠯᠲᠠ ᠶᠢᠨ ᠦᠢᠯᠡᠰ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | |