ᠤᠷᠠᠳ ᠤᠨ ᠬᠤᠶᠢᠳᠤ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2025 ᠣᠨ ᠤ 8 ᠳ᠋ᠤᠭᠠᠷ ᠤᠳᠠᠭᠠᠨ ᠤ ᠰᠤᠷᠤᠯᠴᠠᠯᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/5/30
      5 ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ 8 ᠳ᠋ᠤᠭᠠᠷ ᠤᠳᠠᠭᠠᠨ ᠤ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠤᠪᠠ᠃ ᠪᠥᠬᠦ ᠬᠤᠰᠢᠭᠤᠨ ᠤ ᠳᠡᠳ᠋ ᠭᠠᠵᠠᠷ ᠤᠨ ᠲᠠᠰ ᠠᠴᠠ ᠳᠡᠭᠡᠭᠰᠢᠬᠢ ᠺᠠᠳ᠋ᠷ ᠣᠷᠣᠯᠴᠠᠵᠠᠶ᠃      ᠬᠤᠷᠠᠯ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠶᠢᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠵᠣᠣ ᠵᠢᠩ ᠬᠤᠸᠠ ᠵᠠᠬᠢᠷᠤᠯ ᠢ ᠤᠷᠢᠵᠤ ︽ᠨᠢᠭᠡᠳᠦᠮᠡᠯ ᠹᠷᠣᠨᠲ ᠤᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ︾ ᠪᠠᠷ ᠭᠤᠤᠯ ᠰᠡᠳᠦᠪ ᠪᠣᠯᠭᠠᠵᠤ᠂ ᠬᠠᠷᠢᠭᠤᠴᠠᠯᠭ᠎ᠠ ᠶᠢᠨ ᠲᠦᠷᠢᠮ ᠤᠨ ᠶᠡᠷᠦᠩᠬᠡᠶ ᠱᠠᠭᠠᠷᠳᠠᠯᠭ᠎ᠠ ᠶᠢ ᠣᠶᠢᠯᠠᠭᠠᠬᠤ᠂ ᠬᠠᠷᠢᠭᠤᠴᠠᠯᠭ᠎ᠠ ᠶᠢᠨ ᠲᠦᠷᠢᠮ ᠤᠨ ᠪᠣᠳᠠᠲᠠᠶ ᠱᠠᠭᠠᠷᠳᠠᠯᠭ᠎ᠠ ᠶᠢ ᠡᠵᠡᠮᠳᠡᠬᠦ ᠂ ᠬᠠᠷᠢᠭᠤᠴᠠᠯᠭ᠎ᠠ ᠶᠢᠨ ᠲᠦᠷᠢᠮ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠰᠠᠶᠢᠲᠤᠷ ᠠᠳᠬᠤᠬᠤ᠂ ᠬᠠᠷᠢᠭᠤᠴᠠᠯᠭ᠎ᠠ ᠶᠢᠨ ᠲᠦᠷᠢᠮ ᠤᠨ ᠢᠯᠡ ᠲᠣᠳᠣ ᠤᠳᠤᠷᠢᠳᠤᠮᠵᠢ ᠶᠢ ᠪᠣᠶ ᠪᠣᠯᠭᠠᠬᠤ ᠵᠡᠷᠭᠡ 4 ᠲᠠᠯ᠎ᠠ ᠠᠴᠠ ︽ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠨᠢᠭᠡᠳᠦᠮᠡᠯ ᠹᠷᠣᠨᠲ ᠤᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠲᠤᠬᠠᠶ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠤᠮᠵᠢ ᠬᠢᠪᠠ᠃ ᠲᠠᠶᠢᠯᠤᠮᠵᠢ ᠶᠢᠨ ᠭᠤᠣᠯ ᠰᠡᠳᠦᠪ ᠨᠢ ᠢᠯᠡ ᠲᠣᠳᠣ᠂ ᠠᠭᠤᠯᠭ᠎ᠠ ᠨᠢ ᠪᠠᠶᠠᠯᠢᠭ᠂ ᠭᠦᠨ ᠵᠤᠵᠠᠭᠠᠨ ᠤᠨᠤᠯ ᠤᠨ ᠬᠤᠷᠠᠮᠳᠤᠯ ᠪᠠᠶᠢᠬᠤ ᠪᠥᠭᠡᠳ ᠪᠠᠰᠠ ᠢᠯᠡ ᠲᠣᠳᠣ ᠦᠢᠯᠡᠳᠦᠯᠭᠡ ᠶᠢᠨ ᠤᠳᠤᠷᠢᠳᠤᠮᠵᠢ ᠶᠢ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠤᠨ ᠴᠢᠭᠯᠡᠯᠲᠡ ᠲᠦᠷᠦ ᠶᠢᠨ ᠪᠤᠳᠤᠯᠭ᠎ᠠ ᠶᠢ ᠪᠦᠷᠢᠨ ᠪᠦᠲᠦᠨ ᠣᠨᠣᠪᠴᠢᠲᠠᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠴᠢᠬᠤᠯᠠ ᠠᠬᠢᠭᠤᠯᠬᠤ ᠦᠢᠯᠡᠳᠦᠯ ᠲᠠᠢ ᠶᠤᠮ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠤᠨ ᠲᠤᠬᠠᠶ ᠴᠢᠬᠤᠯᠠ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠪᠥᠬᠦ ᠤᠯᠤᠰ᠂ ᠪᠥᠬᠦ ᠣᠷᠣᠨ᠂ ᠪᠥᠬᠦ ᠬᠤᠲᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠨᠢᠭᠡᠳᠦᠮᠡᠯ ᠹᠷᠣᠨᠲ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠨᠠᠮ ᠠᠴᠠ ᠨᠢᠭᠡᠳᠦᠮᠡᠯ ᠹᠷᠣᠨᠲ ᠢ ᠬᠠᠮᠢᠶᠠᠷᠬᠤ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠪᠦᠷᠢᠯᠳᠦᠭᠦᠯᠵᠦ᠂ ᠶᠡᠭᠡ ᠲᠠᠯ᠎ᠠ ᠳᠤ ᠦᠢᠯᠡᠴᠢᠯᠡᠵᠦ᠂ ᠨᠢᠭᠡᠳᠦᠮᠡᠯ ᠹᠷᠣᠨᠲ ᠤᠨ ᠳᠠᠪᠠᠭᠤᠯᠢᠭ ᠢ ᠪᠠᠳᠠᠷᠠᠭᠤᠯᠵᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠶ ᠶᠢ ᠪᠠᠲᠤ ᠪᠣᠶ ᠪᠣᠯᠭᠠᠵᠤ᠂ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ ᠬᠠᠤᠯᠢ ᠲᠣᠭᠲᠠᠭᠠᠯ ᠶᠣᠰᠣᠭᠠᠷ ᠰᠡᠷᠭᠡᠶᠢᠯᠡᠨ ᠠᠷᠢᠯᠭᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠢᠭᠡᠳᠦᠮᠡᠯ ᠹᠷᠣᠨᠲ ᠤᠨ ᠬᠦᠴᠦᠨ ᠢᠶᠠᠨ ᠡᠷᠭᠦᠬᠦ ᠬᠡᠷᠡᠭᠲᠡᠶ᠃ 
ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ