5 ᠰᠠᠷ᠎ᠠ ᠶᠢᠨ 27 ᠤ ᠡᠳᠦᠷ᠂ ᠥᠪᠥᠷ ᠮᠣᠩᠭᠤᠯ ᠤᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠫᠠᠶᠢᠰᠠ ᠡᠯᠭᠦᠨ ᠡᠵᠡᠩᠨᠡᠯᠲᠡ ᠪᠠᠨ ᠡᠬᠢᠯᠡᠭᠦᠯᠵᠦ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠫᠠᠶᠢᠰᠠ ᠡᠯᠭᠦᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠸᠠᠩ ᡁᠢ ᠴᠢᠶᠠᠩ᠂ ᠥᠪᠥᠷ ᠮᠣᠩᠭᠤᠯ ᠤᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠪᠦᠭᠦ ᠤᠯᠤᠰ ᠤᠨ ᠬᠥᠳᠡᠭᠡ ᠲᠣᠰᠬᠤᠨ ᠤ | ᠢᠲᠡᠭᠡᠮᠵᠢ ᠶᠢᠨ ᠮᠡᠳᠡᠭᠡ ᠵᠠᠩᠭᠢ ᠶᠢᠨ ᠥᠭᠡᠷᠡᠴᠢᠯᠡᠯᠲᠡ ᠶᠢᠨ ᠴᠠᠭ ᠢᠶᠠᠷ ᠬᠠᠮᠤᠭ ᠤᠨ ᠣᠬᠤᠷ᠂ ᠬᠤᠷᠳᠤᠴᠠ ᠪᠠᠷ ᠬᠠᠮᠤᠭ ᠤᠨ ᠲᠦᠷᠭᠡᠨ ᠲᠡᠮᠳᠡᠭᠯᠡᠯ ᠢ ᠡᠭᠦᠳᠴᠦ᠂ ︽ | ᠥᠭᠡᠷᠡᠴᠢᠯᠡᠯᠲᠡ ᠳᠤ ᠬᠤᠯᠪᠣᠭᠳᠠᠭᠰᠠᠨ 121 ᠪᠠᠶᠢᠭᠤᠯᠤᠮᠵᠢ ᠶᠢ ᠨᠢᠭᠡ ᠯᠡ ᠳᠡᠭᠡᠷ᠎ᠡ ᠨᠢᠭᠡᠳᠦᠯᠲᠡᠢ ᠬᠠᠤᠯᠢ ᠶᠢᠨ ᠡᠷᠬᠡᠲᠡᠨ ᠤ ᠬᠥᠳᠡᠭᠡ ᠲᠣᠰᠬᠤᠨ ᠤ | ᠬᠤᠳᠠᠯᠳᠤᠭᠠᠨ ᠤ ᠪᠠᠩᠬᠢ ᠪᠣᠯᠭᠠᠨ ᠪᠠᠶᠢᠭᠤᠯᠤᠭᠰᠠᠨ︾᠂ ︽ᠥᠪᠥᠷ ᠮᠣᠩᠭᠤᠯ ᠤᠨ ᠬᠡᠪ ᠵᠠᠭᠪᠤᠷ︾ ᠢ ᠬᠠᠩᠭᠠᠪᠠ᠂ ᠡᠨᠡ ᠨᠢ 70 ᠭᠠᠷᠤᠢ ᠵᠢᠯ ᠤᠨ ᠲᠡᠦᠬᠡ ᠲᠠᠢ | ᠥᠪᠥᠷ ᠮᠣᠩᠭᠤᠯ ᠤᠨ ᠬᠥᠳᠡᠭᠡ ᠲᠣᠰᠬᠤᠨ ᠤ ᠬᠤᠷᠰᠢᠯᠴᠠᠬᠤ ᠮᠥᠩᠭᠦᠨ ᠭᠦᠢᠯᠭᠡᠭᠡᠨ ᠤ ᠦᠢᠯᠡᠰ ᠤᠨ ᠴᠣ ᠰᠢᠨ᠎ᠡ ᠬᠠᠭᠤᠳᠠᠰᠤ ᠶᠢ ᠨᠡᠭᠡᠭᠡᠭᠰᠡᠨ ᠢ ᠬᠠᠷᠠᠭᠤᠯᠵᠤ | ᠪᠠᠶᠢᠨ᠎ᠠ᠃ ᠰᠢᠨ᠎ᠡ ᠪᠠᠩᠬᠢ ︽ᠬᠤᠶᠠᠷ ᠶᠡᠭᠡ ᠶᠠᠪᠤᠳᠠᠯ︾᠂ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠶᠢ ᠨᠠᠶᠢᠳᠠᠪᠤᠷᠢᠵᠢᠭᠤᠯᠬᠤ ᠳᠤ | ᠦᠢᠯᠡᠴᠢᠯᠡᠬᠦ ᠲᠣᠭᠤᠷᠢᠨ ᠳᠤ᠂ ᠠᠵᠤ ᠦᠢᠯᠡᠰ ᠤᠨ ᠬᠥᠭᠵᠢᠯᠲᠡ ᠪᠠ ᠵᠠᠬ᠎ᠠ ᠳᠡᠯᠭᠡᠭᠦᠷ ᠤᠨ ᠪᠣᠳᠠᠲᠤ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠣᠶᠢᠷᠠᠲᠤᠨ | ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠵᠤ᠂ ︽ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠬᠤ︾ ᠳᠤᠮᠳᠠ ᠵᠣᠷᠢᠭᠲᠠᠢ ᠪᠠᠷ ᠴᠢᠬᠤᠯᠠ | ᠡᠭᠦᠷᠭᠡ ᠶᠢ ᠡᠭᠦᠷᠭᠡᠯᠡᠬᠦ ᠬᠡᠷᠡᠭᠲᠡᠢ᠃ ᠤᠳᠤ ᠦᠶ᠎ᠡ ᠶᠢᠨ ᠣᠨᠴᠠᠯᠢᠭᠲᠤ ᠮᠥᠩᠭᠦᠨ ᠭᠦᠢᠯᠭᠡᠭᠡᠨ ᠤ ᠠᠵᠤ ᠠᠬᠤᠶᠢᠯᠠᠯ ᠢ ᠪᠠᠶᠢᠭᠤᠯᠬᠤ ᠪᠠᠷ ᠬᠠᠷᠠᠯᠲᠠ ᠪᠤᠯᠭᠠᠵᠤ᠂ | ᠪᠠᠶᠢᠭᠤᠯᠤᠯ ᠲᠣᠭᠲᠠᠴᠠ᠂ ᠬᠠᠮᠢᠶᠠᠷᠤᠯᠲᠠ ᠶᠢᠨ ᠠᠷᠭ᠎ᠠ ᠭᠡᠯᠪᠡᠷᠢ᠂ ᠡᠵᠡᠩᠨᠡᠯᠲᠡ ᠶᠢᠨ ᠵᠠᠭᠪᠤᠷ ᠢᠶᠠᠨ ᠪᠦᠭᠦ ᠲᠠᠯ᠎ᠠ ᠪᠠᠷ ᠰᠢᠨᠡᠴᠢᠯᠡᠵᠦ᠂ ᠲᠠᠷᠢᠶᠠᠯᠠᠩ ᠮᠠᠯ ᠠᠵᠤ | ᠠᠬᠤᠢ ᠶᠢ ᠳᠡᠮᠵᠢᠬᠦ ᠪᠠᠭ᠎ᠠ ᠵᠢᠵᠢᠭ ᠠᠵᠤ ᠠᠬᠤᠶᠢᠯᠠᠯ ᠢ ᠳᠡᠮᠵᠢᠬᠦ ᠲᠠᠯ᠎ᠠ ᠪᠠᠷ ᠲᠤᠰᠬᠠᠶᠢᠵᠢᠭᠰᠠᠨ᠂ ᠨᠠᠷᠢᠯᠢᠭᠵᠢᠭᠰᠠᠨ᠂ ᠣᠨᠴᠠᠯᠢᠭᠲᠤ ᠦᠢᠯᠡᠴᠢᠯᠡᠭᠡ ᠬᠠᠩᠭᠠᠵᠤ᠂ | ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠠᠵᠢᠯ ᠲᠦᠷᠦᠯ ᠤᠨ ᠲᠤᠯᠭᠠᠭᠤᠷᠢ ᠬᠦᠴᠦᠨ ᠪᠤᠯᠬᠤ ᠬᠡᠷᠡᠭᠲᠡᠢ ᠭᠡᠪᠡ᠃ | | | | | |