ᠤᠷᠠᠳ ᠤᠨ ᠬᠤᠶᠢᠳᠤ ᠬᠤᠰᠢᠭᠤᠨ ᠤ ᠬᠢᠨᠠᠨ ᠪᠣᠳᠣᠬᠤ ᠲᠣᠪᠴᠢᠶ᠎ᠠ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠪᠠ᠃ ᠬᠤᠷᠠᠯ ᠠᠴᠠ | ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ | ᠤᠯᠠᠮᠵᠢᠯᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠴᠢᠬᠤᠯᠠ ᠠᠴᠢ ᠬᠤᠯᠪᠣᠭᠳᠠᠯ᠂ ᠭᠤᠣᠯ ᠠᠭᠤᠯᠭ᠎ᠠ ᠪᠣᠯᠤᠨ ᠵᠣᠷᠢᠭ ᠰᠠᠨᠠᠭᠠᠨ ᠤ ᠮᠥᠨ | ᠴᠢᠨᠠᠷ ᠢ ᠭᠦᠨᠵᠡᠭᠡᠢ ᠲᠣᠳᠣᠷᠬᠠᠶᠢᠯᠠᠨ ᠥᠭᠦᠯᠡᠪᠡ᠃ ᠡᠭᠦᠨ ᠤ ᠬᠠᠮᠲᠤ ᠪᠦᠬᠦ ᠬᠢᠨᠠᠨ ᠪᠤᠳᠤᠬᠤ ᠺᠠᠳ᠋ᠷ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ | ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂ ᠰᠤᠷᠲᠠᠯ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠲᠠᠯ᠎ᠠ ᠪᠠᠷ ᠴᠢᠩᠭ᠎ᠠ ᠱᠠᠭᠠᠷᠳᠠᠯᠭ᠎ᠠ | ᠭᠠᠷᠭᠠᠪᠠ᠃ | ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠢ ᠵᠣᠬᠢᠶᠠᠨ ᠪᠠᠶᠢᠭᠤᠯᠵᠤ | ᠬᠤᠷᠠᠯᠳᠤᠭᠤᠯᠪᠠ᠃ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠬᠦ᠂ ᠠᠷᠢᠭᠤᠨ ᠴᠢᠬᠡᠴᠢ ᠶᠢᠨ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠬᠤ᠂ | ᠲᠤᠰᠬᠠᠶ ᠰᠡᠳᠦᠪ ᠢᠶᠠᠷ ᠰᠤᠷᠤᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠰᠠᠬᠢᠯᠭ᠎ᠠ ᠪᠠᠲᠤ ᠶᠢᠨ ᠤᠬᠠᠮᠰᠠᠷ ᠢ ᠪᠥᠬᠦ ᠲᠠᠯ᠎ᠠ ᠪᠠᠷ ᠴᠢᠩᠭᠠᠳᠬᠠᠵᠤ᠂ ᠠᠷᠢᠭᠤᠨ | ᠴᠢᠬᠡᠴᠢ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠠᠳᠬᠤᠵᠤ ᠪᠠᠶᠢᠨ᠎ᠠ᠃ | ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠢᠭᠤᠯᠤᠯᠲᠠ ᠶᠢᠨ ᠲᠣᠪᠴᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ | ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢᠨ ᠲᠡᠭᠦᠪᠦᠷᠢ ᠶᠢ ᠭᠦᠨᠵᠡᠭᠡᠢ ᠰᠤᠷᠤᠯᠴᠠᠨ | ᠲᠤᠤᠱᠯᠠᠭᠤᠯᠵᠤ᠂ ᠪᠦᠬᠦ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠰᠠᠬᠢᠯᠭ᠎ᠠ ᠪᠠᠲᠤ ᠶᠢᠨ ᠤᠯᠠᠭᠠᠨ ᠱᠤᠭᠤᠮ ᠢ ᠴᠢᠩᠭ᠎ᠠ | ᠰᠠᠬᠢᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠤᠯᠤᠰ ᠲᠦᠷᠦ ᠶᠢᠨ ᠤᠤᠷ ᠴᠢᠨᠠᠷ ᠢ ᠡᠭᠦᠷᠢᠳᠡ ᠬᠠᠳᠠᠭᠠᠯᠠᠬᠤ ᠬᠡᠷᠡᠭᠲᠡᠢ᠃ | ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠪᠠ᠃ ᠬᠤᠷᠠᠯ ᠠᠴᠠ᠂ ᠲᠥᠪ ᠤᠨ | ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠭᠤᠣᠯ ᠠᠭᠤᠯᠭ᠎ᠠ ᠶᠢ ᠭᠦᠨᠵᠡᠭᠡᠢ ᠣᠶᠢᠯᠠᠭᠠᠵᠤ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ | ᠴᠣᠭᠴᠠᠯᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠪᠠᠷ ᠲᠤᠯᠢ ᠪᠣᠯᠭᠠᠵᠤ᠂ ᠲᠣᠭᠲᠠᠭᠠᠯ ᠠᠴᠠ ᠵᠥᠷᠢᠴᠡᠨ ᠠᠷᠢᠬᠢ ᠤᠤᠭᠤᠬᠤ᠂ ᠲᠣᠭᠲᠠᠭᠠᠯ ᠠᠴᠠ ᠵᠥᠷᠢᠴᠡᠨ ᠢᠳᠡᠵᠦ | ᠤᠤᠭᠤᠬᠤ ᠵᠡᠷᠭᠡ ᠲᠥᠪ ᠪᠤᠰᠤ ᠰᠤᠷᠲᠠᠯ ᠢ ᠡᠷᠡᠰ ᠬᠤᠷᠢᠭᠯᠠᠬᠤ ᠬᠡᠷᠡᠭᠲᠡᠢ ᠬᠡᠮᠠᠨ ᠱᠠᠭᠠᠷᠳᠡᠪᠠ᠃ | | | |