5 ᠰᠠᠷ᠎ᠠ ᠶᠢᠨ 30 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 7 ᠳ᠋ᠤᠭᠠᠷ ᠤᠳᠠᠭᠠᠨ ᠤ | ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ᠃ | ᠬᠤᠰᠢᠭᠤᠨ ᠤ ᠨᠠᠮ ᠤᠨ ᠬᠤᠷᠢᠶᠠᠨ ᠤ ᠱᠦᠵᠢ ᠬᠠᠨ ᡁᠢ ᠶᠧ ᠬᠤᠷᠠᠯ ᠡᠷᠭᠢᠯᠡᠵᠦ᠂ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ | ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠵᠠᠶ᠃ | ᠬᠤᠷᠠᠯ ᠠᠴᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠭᠰᠠᠨ ᠦᠷ᠎ᠡ ᠪᠦᠲᠦᠮᠵᠢ ᠪᠣᠯᠤᠨ ᠲᠤᠷᠰᠢᠯᠭ᠎ᠠ᠂ ︽ᠨᠠᠢᠮᠠᠨ ᠲᠣᠭᠲᠠᠭᠠᠯ ᠢᠶᠠᠷ | ᠳᠤᠮᠳᠠᠳᠤ ᠤᠯᠤᠰ ᠢ ᠬᠤᠪᠢᠷᠠᠭᠤᠯᠤᠶ᠎ᠠ︾᠂ ᠱᠢ ᠲᠠᠢ ᠹᠧᠩ ᠨᠥᠬᠦᠷ ᠤᠨ ︽ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ ᠤᠨ ᠲᠥᠪ ᠤᠨ ᠵᠢᠯᠣᠭᠤᠳᠬᠤ ᠳᠤᠭᠤᠶᠢᠯᠠᠩ ᠤᠨ ᠪᠣᠯᠪᠠᠰᠤᠷᠠᠯ ᠤᠨ ᠬᠤᠷᠠᠯ ᠳᠡᠭᠡᠷᠡᠬᠢ ᠶᠠᠷᠢᠶ᠎ᠠ︾ ᠶᠢ ᠤᠯᠠᠮᠵᠢᠯᠠᠨ ᠰᠤᠷᠤᠯᠴᠠᠵᠤ᠂ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ | ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠴᠢᠬᠤᠯᠠ ᠶᠡᠭᠡ ᠤᠯᠤᠰ | ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠬᠥᠬᠡᠮᠳᠦᠭ ᠨᠣᠭᠤᠭᠠᠨ ᠠᠭᠤᠯᠠ ᠤᠰᠤ ᠶᠢ ᠠᠯᠳᠠ ᠮᠥᠩᠭᠦᠨ ᠠᠭᠤᠯᠠ ᠪᠣᠯᠭᠠᠨ ᠬᠤᠪᠢᠷᠠᠭᠤᠯᠬᠤ | ᠵᠠᠮ ᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃ ᠬᠠᠷᠠᠯᠲᠠ ᠲᠠᠢ ᠪᠠᠷ ᠵᠠᠰᠠᠬᠤ ᠶᠢ ᠪᠠᠷᠢᠮᠲᠠᠯᠠᠵᠤ᠂ ᠬᠡᠯᠪᠡᠷᠢᠴᠢ ᠦᠵᠡᠯ ᠤᠨ ᠨᠣᠶᠠᠨᠴᠢ | ᠰᠤᠷᠲᠠᠯ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠵᠡᠷᠭᠡ ᠮᠤᠵᠢᠭᠤᠳᠠ ᠴᠢᠨᠠᠷᠲᠠᠢ ᠲᠠᠬᠢᠨ ᠳᠠᠪᠲᠠᠬᠤ ᠴᠢᠨᠠᠷ ᠪᠣᠯᠤᠨ ᠳᠠᠯᠳᠠ ᠬᠤᠪᠢᠷᠠᠯᠲᠠ ᠭᠠᠷᠬᠤ ︽ | ᠲᠦᠷᠪᠡᠨ ᠰᠤᠷᠲᠠᠯ︾ ᠤᠨ ᠠᠰᠠᠭᠤᠳᠠᠯ ᠢ ᠴᠢᠩᠭ᠎ᠠ ᠠᠩᠬᠠᠷᠴᠤ᠂ ᠥᠴᠦᠬᠡᠨ ᠴᠦ ᠨᠠᠶᠢᠷ ᠲᠠᠯᠪᠢᠬᠤ ᠦᠭᠡᠢ᠂ ᠦᠨᠡᠨ ᠬᠦ ᠬᠠᠲᠠᠭᠤ ᠲᠠᠢ ᠨᠢ ᠬᠠᠯᠳᠠᠵᠤ᠂ ᠰᠠᠶᠢᠨ | ᠰᠠᠶᠢᠬᠠᠨ ᠤᠯᠤᠰ ᠲᠦᠷᠦ ᠶᠢᠨ ᠠᠮᠢ ᠠᠬᠤᠢ ᠪᠣᠯᠤᠨ ᠬᠥᠭᠵᠢᠯᠲᠡ ᠶᠢᠨ ᠠᠮᠢ ᠠᠬᠤᠢ ᠶᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ᠃ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠬᠡᠷᠡᠭᠵᠢᠭᠦᠯᠬᠦ ᠤᠬᠠᠮᠰᠠᠷᠲᠤ ᠴᠢᠨᠠᠷ ᠪᠠ ᠰᠠᠨᠠᠭᠠᠴᠢᠯᠠᠭᠠᠲᠤ ᠴᠢᠨᠠᠷ ᠢᠶᠠᠨ ᠴᠢᠩᠭᠠᠳᠬᠠᠵᠤ᠂ ᠤᠯᠠᠨ | ᠲᠦᠮᠡᠨ ᠤ ᠳᠡᠷᠭᠡᠳᠡᠬᠢ ︽ᠢᠯᠠᠭ᠎ᠠ ᠰᠢᠷᠭᠤᠯᠵᠢ ᠶᠢᠨ ᠢᠯᠠᠭᠠᠨ ᠳᠤ ᠰᠢᠨᠤᠬᠠᠶᠢᠷᠠᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ | ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠢ ᠥᠷᠨᠢᠭᠦᠯᠵᠦ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ | ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠬᠦᠴᠦ ᠣᠷᠣᠭᠤᠯᠤᠨ ᠰᠢᠢᠳᠪᠦᠷᠢᠯᠡᠬᠦ ᠬᠡᠷᠡᠭᠲᠡᠢ᠃ | ᠬᠤᠷᠠᠯ ᠳᠡᠭᠡᠷ᠎ᠡ᠂ ᠭᠤᠤᠯ ᠳᠤᠭᠤᠶᠢᠯᠠᠩ ᠤᠨ ᠪᠦᠷᠢᠯᠳᠦᠬᠦᠨ ᠨᠡᠷ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠭᠰᠠᠨ ᠳᠤ ᠣᠯᠤᠭᠰᠠᠨ ᠢᠯᠡᠳᠲᠡ ᠦᠷ᠎ᠡ ᠪᠦᠲᠦᠮᠵᠢ ᠪᠠ ᠬᠤᠷᠠᠮᠳᠤᠭᠤᠯᠤᠭᠰᠠᠨ ᠡᠷᠬᠢᠮ ᠨᠠᠨᠳᠢᠨ | ᠲᠤᠷᠰᠢᠯᠭ᠎ᠠ ᠨᠢ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ ᠰᠤᠷᠤᠯᠴᠠᠭᠰᠠᠨ ᠲᠥᠷᠥᠭᠳᠡᠯ ᠢᠶᠠᠨ ᠰᠣᠯᠢᠯᠴᠠᠪᠠ᠃ ︽ | ᠰᠠᠬᠢᠯᠭ᠎ᠠ ᠪᠠᠲᠤ ᠪᠣᠯ ᠬᠤᠷᠢᠭ᠎ᠠ ᠱᠤᠭᠤᠮ᠂ ᠶᠣᠰᠣ ᠲᠦᠷᠢᠮ ᠪᠣᠯ ᠤᠯᠠᠭᠠᠨ ᠱᠤᠭᠤᠮ ᠮᠥᠨ︾ ᠭᠡᠬᠦ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠲᠠᠷᠢᠬᠢ | ᠲᠣᠯᠣᠭᠠᠶ ᠪᠠᠨ ᠢᠮᠠᠭᠲᠠ ᠰᠡᠷᠭᠡᠭ ᠪᠠᠶᠢᠯᠭᠠᠵᠤ᠂ ᠣᠪᠣᠷ ᠰᠤᠷᠲᠠᠯ ᠨᠢ ᠲᠥᠪ ᠴᠢᠬᠡᠴᠢ ᠪᠠᠶᠢᠵᠤ᠂ ︽ᠠᠯᠪᠠᠨ ᠤ ᠪᠠ ᠬᠤᠪᠢ ᠬᠥᠮᠦᠨ︾ ᠤ ᠰᠡᠷᠭᠡᠶᠢᠯᠡᠯᠲᠡ ᠶᠢᠨ | ᠱᠤᠭᠤᠮ᠂ ︽ᠵᠥᠪ ᠪᠤᠷᠤᠭᠤ︾ ᠶᠢᠨ ᠵᠠᠭᠠᠭ ᠱᠤᠭᠤᠮ᠂ ︽ᠪᠠᠶᠢᠳᠠᠯ ᠪᠠ ᠰᠠᠬᠢᠯᠭ᠎ᠠ ᠪᠠᠲᠤ︾ ᠶᠢᠨ ᠥᠨᠳᠥᠷ ᠳᠠᠷᠤᠯᠲᠠᠲᠤ ᠱᠤᠭᠤᠮ ᠢ ᠡᠷᠡᠰ ᠪᠠᠲᠤ ᠰᠠᠬᠢᠬᠤ | ᠬᠡᠷᠡᠭᠲᠡᠶ ᠭᠡᠵᠦ ᠴᠢᠬᠤᠯᠠᠴᠢᠯᠠᠪᠠ᠃ ︽ᠪᠣᠳᠠᠲᠠᠢ︾ ᠪᠠᠶᠢᠬᠤ ᠶᠢ ᠴᠢᠩᠭ᠎ᠠ ᠠᠩᠬᠠᠷᠴᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠭᠤᠣᠯ ᠬᠠᠷᠢᠭᠤᠴᠠᠯᠭ᠎ᠠ | ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ︽ᠪᠣᠳᠠᠲᠠᠢ ᠠᠵᠢᠯᠯᠠᠵᠤ᠂ ᠡᠮᠦᠨ᠎ᠡ ᠡᠩᠨᠡᠭᠡᠨ ᠳᠤ ᠶᠠᠪᠤᠬᠤ | ︾ ᠶᠢ ᠪᠠᠶᠢᠩᠭᠤ ᠶᠢᠨ ᠱᠠᠭᠠᠷᠳᠠᠯᠭ᠎ᠠ ᠪᠣᠯᠭᠠᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠠᠷ ᠠᠵᠢᠯ ᠤᠨ ᠡᠭᠦᠷᠭᠡ ᠶᠢ ᠪᠣᠳᠠᠲᠠᠢ ᠳᠤ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ | |